ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡ ᠮᠠᠨ ᠤ ᠤᠷᠤᠨ ᠤ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠠ ᠬᠢᠯᠡᠰ ᠴᠡᠭ ᠪᠤᠯᠪᠠ
ᠨᠡᠶᠢᠲᠡᠯᠡᠭᠰᠡᠨ ᠴᠠᠭ᠄
2018-07-27
      ᠮᠠᠨ ᠤ ᠤᠷᠤᠨ ᠤ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠭᠵᠢᠯᠳᠠ ᠶᠢᠨ ᠶᠠᠪᠤᠴᠠ ᠳᠤ᠂ ᠬᠤᠳᠠ ᠬᠦᠳᠡᠭᠡ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠵᠦ ᠪᠠᠶᠢᠭ᠎ᠠ ᠬᠦᠴᠦᠨ ᠤ ᠲᠠᠷᠬᠠᠯᠳᠠ ᠲᠡᠩᠴᠡᠭᠦᠷᠢ ᠦᠭᠡᠢ᠂ ᠤᠯᠠᠨ ᠲᠦᠮᠡᠨ ᠤ ᠤᠯᠠᠨ ᠲᠡᠰ ᠲᠠᠪᠬᠤᠷᠭ᠎ᠠ ᠶᠢᠨ ᠪᠦᠭᠡᠳ ᠲᠤᠰᠬᠠᠢᠢᠵᠢᠬᠰᠠᠨ ᠬᠠᠤᠯᠢ ᠴᠠᠭᠠᠵᠠ ᠶᠢᠨ ᠦᠢᠯᠡᠴᠢᠯᠡᠭᠡᠨ ᠤ ᠱᠠᠭᠠᠷᠳᠠᠯᠭ᠎ᠠ ᠶᠢ ᠬᠠᠨᠭ᠍ᠭᠠᠵᠦ ᠲᠡᠶᠢᠯᠭᠦ ᠦᠭᠡᠢ ᠪᠠᠶᠢᠳᠠᠯ ᠮᠦᠨ ᠬᠦ ᠤᠷᠤᠰᠢᠬᠰᠠᠭᠠᠷ ᠪᠠᠶᠢᠵᠦ᠂ ᠤᠨᠴᠠᠭᠠᠢᠢᠯᠠᠨ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢᠨ ᠲᠤᠳᠠᠭᠤᠳᠠᠯ ᠮᠠᠰᠢ ᠢᠯᠡᠷᠭᠡᠢ ᠪᠠᠶᠢᠭ᠎ᠠ ᠶᠤᠮ᠃ ᠡᠨᠡ ᠬᠦ ᠪᠠᠶᠢᠳᠠᠯ ᠳᠤ ᠴᠢᠭᠯᠡᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠲᠤ ᠴᠢᠨᠠᠷᠯᠢᠭ ᠡᠭᠢ ᠪᠠᠶᠠᠯᠢᠭ ᠢ ᠬᠠᠮᠳᠤ ᠪᠠᠷ ᠡᠳ᠋ᠯᠡᠭᠦᠯᠭᠦ ᠦᠢᠯᠡᠴᠢᠯᠡᠭᠡ ᠬᠠᠨᠭ᠍ᠭᠠᠨ ᠤᠯᠠᠨ ᠲᠦᠮᠡᠨ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠬᠤ ︽ᠡᠴᠦᠰ ᠤᠨ ᠨᠢᠭᠡ ᠺᠢᠯᠤᠮᠧᠳ᠋ᠷ︾ ᠢ ᠨᠡᠪᠳᠡᠷᠡᠭᠦᠯᠭᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠤᠢᠢᠷ᠎ᠠ ᠶᠢᠨ ᠵᠢᠯ ᠠᠴᠠ ᠨᠠᠰᠢ ᠠᠯᠢ ᠤᠯᠠᠨ ᠠᠷᠭ᠎ᠠ ᠠᠪᠴᠠᠯ ᠠᠪᠴᠤ᠂ ᠠᠰᠢᠭᠦᠢ ᠰᠠᠶᠢᠨ ᠦᠷ᠎ᠠ ᠪᠦᠲᠦᠮᠵᠢ ᠭᠠᠷᠭᠠᠪᠠ᠃      ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠠᠴᠠ ᠮᠤᠩᠭᠤᠯ ᠬᠢᠳᠠᠳ ᠬᠤᠤᠰ ᠬᠡᠯᠡᠨ ᠤ ᠴᠢᠳᠠᠪᠤᠷᠢᠳᠠᠨ ᠬᠦᠮᠦᠵᠢᠭᠦᠯᠭᠦ ᠠᠵᠢᠯ ᠢ ᠬᠠᠤᠯᠢ ᠪᠠᠷ ᠤᠷᠤᠨ ᠢᠶᠠᠨ ᠵᠠᠰᠠᠬᠤ ᠠᠬᠢᠴᠠ ᠶᠢ ᠠᠬᠢᠭᠤᠯᠬᠤ᠂ ︽ᠬᠠᠤᠯᠢᠵᠢᠯ ᠤᠨ ᠦᠪᠤᠷ ᠮᠤᠩᠭᠤᠯ︾ ᠤᠨ ᠪᠦᠲᠦᠭᠡᠨ ᠪᠠᠶᠢᠭᠤᠯᠤᠯᠳᠠ ᠳᠤ ᠦᠢᠯᠡᠴᠢᠯᠡᠭᠦ ᠦᠨᠳᠦᠷᠴᠠ ᠲᠤ ᠲᠠᠯᠪᠢᠵᠤ᠂ ᠪᠦᠭᠦ ᠤᠷᠤᠨ ᠤ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠪᠤᠯᠪᠠᠰᠤᠷᠠᠯ ᠤᠨ ᠰᠢᠰᠲ᠋ᠧᠮ ᠤᠨ ᠨᠢᠭᠡ ᠴᠢᠬᠤᠯᠠ ᠠᠵᠢᠯ ᠪᠤᠯᠭᠠᠨ ᠠᠳᠬᠤᠪᠠ᠃ 2016 ᠤᠨ ᠤ ᠡᠴᠦᠰ ᠪᠤᠯᠳᠠᠯ᠎ᠠ᠂ ᠪᠦᠭᠦ ᠤᠷᠤᠨ ᠳᠤ ᠨᠡᠶᠢᠳᠡ 6117 ᠲᠤᠬᠠᠢᠢᠯᠠᠬᠰᠠᠨ ᠠᠵᠢᠯ ᠤᠨ ᠬᠠᠤᠯᠢᠴᠢ ᠲᠠᠢ ᠪᠠᠶᠢᠵᠦ᠂ ᠡᠭᠦᠨ ᠳᠤ ᠮᠤᠩᠭᠤᠯ ᠬᠢᠳᠠᠳ ᠬᠤᠤᠰ ᠬᠡᠯᠡ ᠪᠠᠷ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠵᠦ ᠴᠢᠳᠠᠬᠤ ᠨᠢ ᠵᠦᠪᠭᠡᠨ 265 ᠬᠦᠮᠦᠨ ᠪᠠᠶᠢᠵᠦ᠂ ᠪᠦᠭᠦ ᠤᠷᠤᠨ ᠤ 2253 ᠦᠨᠳᠦᠰᠦᠨ ᠱᠠᠳᠤᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢᠨ ᠠᠵᠢᠯᠳᠠᠨ ᠤ ᠲᠤᠳᠤᠷ᠎ᠠ ᠮᠤᠩᠭᠤᠯ ᠬᠢᠳᠠᠳ ᠬᠤᠤᠰ ᠬᠡᠯᠡ ᠪᠠᠷ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠵᠦ ᠴᠢᠳᠠᠬᠤ ᠨᠢ ᠵᠦᠪᠭᠡᠨ 221 ᠬᠦᠮᠦᠨ ᠪᠤᠢ᠃ ᠡᠳᠡᠭᠡᠷ ᠠᠰᠠᠭᠤᠳᠠᠯ ᠤᠳ ᠢ ᠰᠢᠢᠳᠪᠤᠷᠢᠯᠡᠭᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠠᠴᠠ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠲᠤᠯᠢ ᠪᠢᠴᠢᠭ ᠨᠠᠶᠢᠷᠠᠭᠤᠯᠬᠤ᠂ ᠮᠤᠩᠭᠤᠯ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢᠨ ᠰᠦᠯᠵᠢᠶᠠᠨ ᠨᠢᠭᠤᠷ ᠢ ᠨᠡᠮᠡᠵᠦ ᠨᠡᠭᠡᠭᠡᠭᠦ᠂ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠬᠤᠤᠰ ᠬᠡᠯᠡᠨ ᠤ ᠬᠠᠷᠢᠯᠴᠠᠨ ᠤᠷᠴᠢᠭᠤᠯᠬᠤ ᠰᠢᠰᠲ᠋ᠧᠮ ᠢ ᠰᠦᠪᠡᠭᠴᠢᠯᠡᠨ ᠬᠡᠷᠡᠭᠯᠡᠭᠦ᠂ ᠮᠤᠩᠭᠤᠯ ᠬᠢᠳᠠᠳ ᠬᠤᠤᠰ ᠬᠡᠯᠡᠨ ᠤ ᠵᠠᠯᠠᠭᠤ ᠬᠠᠤᠯᠢᠴᠢ ᠶᠢᠨ ᠪᠤᠯᠪᠠᠰᠤᠷᠠᠯ ᠤᠨ ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠬᠤ᠂ ᠵᠢᠯ ᠪᠦᠷᠢ 100 ᠮᠤᠩᠭᠤᠯ ᠬᠢᠳᠠᠳ ᠬᠤᠤᠰ ᠬᠡᠯᠡᠨ ᠤ ᠬᠠᠤᠯᠢᠴᠢ ᠳᠤ ᠪᠤᠯᠪᠠᠰᠤᠷᠠᠯ ᠬᠦᠷᠳᠡᠭᠡᠭᠦ ᠵᠡᠷᠭᠡ ᠠᠯᠢ ᠤᠯᠠᠨ ᠠᠷᠭ᠎ᠠ ᠠᠪᠴᠠᠯ ᠢ ᠠᠪᠴᠠᠢ᠃      2017 ᠤᠨ ᠳᠤ᠂ ᠮᠠᠨ ᠤ ᠤᠷᠤᠨ ᠤ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠮᠠᠰᠢ ᠠᠬᠢᠴᠠ ᠲᠠᠢ ᠪᠤᠯᠪᠠ᠃ ᠲᠤᠰ ᠵᠢᠯ ᠳᠤ᠂ ᠮᠠᠨ ᠤ ᠤᠷᠤᠨ ᠤ ᠠᠩᠬᠠᠳᠠᠬᠴᠢ ᠮᠤᠩᠭᠤᠯ ᠬᠢᠳᠠᠳ ᠬᠤᠤᠰ ᠬᠡᠯᠡᠨ ᠤ ᠨᠡᠶᠢᠳᠡ ᠶᠢᠨ ᠠᠰᠠᠷᠠᠮᠵᠢ ᠶᠢᠨ ᠬᠠᠤᠯᠢᠴᠢ ᠶᠢᠨ ᠦᠢᠯᠡᠴᠢᠯᠡᠭᠡ ᠦᠪᠤᠷ ᠮᠤᠩᠭᠤᠯ ᠤᠨ 2017 ᠤᠨ ᠤ ᠠᠷᠪᠠᠨ ᠶᠡᠭᠡ ᠬᠠᠤᠯᠢᠵᠢᠯ ᠤᠨ ᠬᠡᠷᠡᠭ ᠶᠠᠪᠤᠳᠠᠯ ᠢᠶᠠᠷ ᠰᠤᠩᠭᠤᠬᠳᠠᠵᠦ᠂ ᠪᠦᠭᠦ ᠤᠯᠤᠰ ᠤᠨ ᠠᠩᠬᠠᠳᠠᠬᠴᠢ ᠮᠤᠩᠭᠤᠯ ᠬᠢᠳᠠᠳ ᠬᠤᠤᠰ ᠬᠡᠯᠡᠨ ᠤ ᠬᠠᠤᠯᠢᠴᠢ ᠶᠢᠨ ᠨᠡᠶᠢᠳᠡ ᠶᠢᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠰᠦᠯᠵᠢᠶᠠᠨ ᠳᠤ ᠭᠠᠷᠴᠤ᠂ ᠠᠩᠬᠠᠳᠠᠬᠴᠢ ᠬᠠᠤᠯᠢᠴᠢ ᠶᠢᠨ ᠨᠡᠶᠢᠳᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭ ᠡᠷᠬᠢᠯᠡᠭᠦ ᠭᠠᠵᠠᠷ ᠮᠠᠨ ᠤ ᠤᠷᠤᠨ ᠳᠤ ᠪᠤᠢ ᠪᠤᠯᠪᠠ᠃ ᠡᠭᠦᠨ ᠠᠴᠠ ᠭᠠᠳᠠᠨ᠎ᠠ᠂ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠡᠯ᠎ᠠ ᠲᠦᠷᠦᠯ ᠤᠨ ᠡᠭᠢ ᠪᠠᠶᠠᠯᠢᠭ ᠢ ᠬᠠᠮᠳᠤ ᠪᠠᠷ ᠪᠠᠶᠢᠭᠤᠯᠵᠦ᠂ ᠬᠠᠮᠳᠤ ᠪᠠᠷ ᠡᠳ᠋ᠯᠡᠵᠦ᠂ ᠬᠠᠮᠳᠤ ᠪᠠᠷ ᠬᠡᠷᠡᠭᠯᠡᠭᠦ ᠶᠢ ᠪᠡᠶᠡᠯᠡᠭᠦᠯᠭᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠨᠢᠳᠤᠨᠤᠨ ᠪᠠᠰᠠ ᠪᠦᠭᠦ ᠤᠯᠤᠰ ᠤᠨ ᠠᠩᠬᠠᠳᠠᠬᠴᠢ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠵᠠᠭᠤᠴᠢᠯᠠᠭᠤᠷ ᠤᠨ ᠡᠭᠢ ᠪᠠᠶᠠᠯᠢᠭ ᠪᠤᠯᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭ ᠤᠨ ᠬᠦᠮᠦᠷᠭᠡ ᠶᠢᠨ ᠪᠠᠶᠢᠭᠤᠯᠤᠯᠳᠠ ᠶᠢ ᠡᠬᠢᠯᠡᠭᠦᠯᠪᠠ᠃ ᠵᠠᠭᠤᠴᠢᠯᠠᠭᠤᠷ ᠤᠨ ᠡᠭᠢ ᠪᠠᠶᠠᠯᠢᠭ ᠤᠨ ᠬᠦᠮᠦᠷᠭᠡ ᠪᠤᠯᠤᠨ ᠬᠡᠷᠡᠭ ᠤᠨ ᠮᠠᠲ᠋ᠧᠷᠢᠶᠠᠯ ᠤᠨ ᠬᠦᠮᠦᠷᠭᠡ ᠶᠢᠨ ᠪᠠᠶᠢᠭᠤᠯᠤᠯᠳᠠ ᠨᠢ ᠮᠤᠩᠭᠤᠯ ᠬᠢᠳᠠᠳ ᠬᠤᠤᠰ ᠬᠡᠯᠡᠨ ᠤ ᠬᠠᠤᠯᠢᠵᠢᠯ ᠤᠨ ᠤᠬᠠᠭᠤᠯᠭ᠎ᠠ ᠶᠢᠨ ᠦᠰᠦᠭ᠂ ᠵᠢᠷᠤᠭ ᠲᠦᠷᠰᠦ ᠸᠢᠳᠢᠣ᠋ ᠮᠠᠲ᠋ᠧᠷᠢᠶᠠᠯ ᠪᠠ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭ ᠤᠨ ᠮᠠᠲ᠋ᠧᠷᠢᠶᠠᠯ ᠢ ᠬᠠᠳᠠᠭᠠᠯᠠᠬᠤ ᠪᠠ ᠬᠠᠮᠠᠭᠠᠯᠠᠬᠤ᠂ ᠤᠳᠤ ᠪᠠᠶᠢᠭ᠎ᠠ ᠮᠠᠲ᠋ᠧᠷᠢᠶᠠᠯ ᠢ ᠨᠢᠭᠡᠲᠦᠯᠳᠡᠢ ᠲᠦᠪᠯᠡᠷᠡᠭᠦᠯᠵᠦ ᠲᠦᠷᠢᠮᠵᠢᠭᠦᠯᠭᠦ᠂ ᠲᠤᠭᠠᠴᠢᠯᠠᠬᠰᠠᠨ ᠬᠠᠮᠢᠶᠠᠷᠤᠯᠳᠠ ᠬᠢᠬᠦ᠂ ᠡᠬᠢ ᠪᠠᠶᠠᠯᠢᠭ ᠢ ᠬᠠᠮᠳᠤ ᠪᠠᠷ ᠡᠳ᠋ᠯᠡᠭᠦ᠂ ᠬᠠᠷᠢᠯᠴᠠᠨ ᠨᠡᠪᠳᠡᠷᠡᠯᠴᠡᠭᠦᠯᠭᠦ ᠪᠠ ᠬᠠᠤᠯᠢ ᠴᠠᠭᠠᠵᠠ ᠶᠢᠨ ᠶᠠᠮᠤᠨ ᠳᠤ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠮᠠᠲ᠋ᠧᠷᠢᠶᠠᠯ ᠢ ᠴᠠᠭ ᠲᠤᠬᠠᠢ ᠳᠤᠨᠢ ᠬᠠᠨᠭ᠍ᠭᠠᠵᠦ᠂ ᠪᠢᠴᠢᠭ ᠮᠠᠲ᠋ᠧᠷᠢᠶᠠᠯ ᠤᠨ ᠬᠡᠷᠡᠭᠯᠡᠯᠳᠡ ᠶᠢᠨ ᠨᠤᠷᠮ᠎ᠠ ᠶᠢ ᠲᠡᠭᠡᠭᠰᠢᠯᠡᠭᠦᠯᠵᠦ᠂ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠤᠶᠤᠯ ᠢ ᠪᠠᠳᠠᠷᠠᠭᠤᠯᠬᠤ ᠳᠤ ᠴᠢᠬᠤᠯᠠ ᠠᠴᠢ ᠬᠤᠯᠪᠤᠬᠳᠠᠯ ᠦᠵᠡᠬᠦᠯᠵᠤ ᠪᠠᠶᠢᠨ᠎ᠠ᠃      2017 ᠤᠨ ᠤ 7 ᠰᠠᠷ᠎ᠠ ᠳᠤ ᠬᠠᠷᠠᠮᠦ᠋ᠷᠡᠨ ᠳᠤ ᠬᠤᠷᠠᠯᠳᠤᠬᠰᠠᠨ ᠪᠦᠭᠦ ᠤᠯᠤᠰ ᠤᠨ ᠬᠠᠤᠯᠢ ᠴᠠᠭᠠᠵᠠ ᠶᠢᠨ ᠲᠢᠩᠭᠢᠮ ︵ᠲᠤᠪᠴᠢᠶ᠎ᠠ︶ ᠤᠨ ᠲᠠᠷᠤᠭ᠎ᠠ ᠨᠠᠷ ᠤᠨ ᠶᠠᠷᠢᠯᠴᠠᠬᠤ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠤᠨ ᠲᠠᠷᠤᠭ᠎ᠠ ᠪᠢᠯᠢᠭᠭᠦᠦ ᠦᠪᠡᠷᠳᠡᠭᠡᠨ ᠵᠠᠰᠠᠬᠤ ᠤᠷᠤᠨ ᠤ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢᠨ ᠤᠳᠤᠬᠠᠨ ᠤ ᠪᠠᠶᠢᠳᠠᠯ᠂ ᠢᠷᠡᠭᠡᠳᠦᠢ ᠶᠢᠨ ᠬᠦᠭᠵᠢᠯᠳᠠ ᠪᠠ ᠠᠴᠢ ᠬᠤᠯᠪᠤᠬᠳᠠᠯ ᠢ ᠶᠠᠷᠢᠵᠦ᠂ ᠡᠨᠡ ᠲᠤᠭᠤᠷᠢᠨ ᠤ ᠬᠤᠶᠢᠰᠢᠳᠠ ᠶᠢᠨ ᠠᠵᠢᠯ ᠤᠨ ᠰᠡᠳᠭᠢᠴᠠ ᠶᠢ ᠲᠤᠷᠠᠳᠤᠨ ᠭᠠᠷᠭᠠᠪᠠ᠃ ᠲᠡᠷᠡ᠂ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠪᠦᠭᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠡᠭᠦᠷᠭᠡ ᠪᠤᠯᠤᠨ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠦᠭᠡᠷᠡᠴᠢᠯᠠᠯᠳᠠ ᠶᠢᠨ ᠬᠠᠷᠠᠯᠳᠠ ᠶᠢ ᠨᠠᠶᠢᠳᠠᠪᠤᠷᠢᠵᠢᠭᠤᠯᠬᠤ ᠲᠡᠭᠡᠷ᠎ᠠ ᠬᠦᠴᠦᠯᠡᠵᠦ᠂ ︽ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ︾ ᠶᠢᠨ ᠬᠠᠮᠢᠶ᠎ᠠ ᠪᠦᠭᠦᠢ ᠱᠠᠭᠠᠷᠳᠠᠯᠭ᠎ᠠ ᠶᠢ ᠲᠤᠭᠤᠰᠢᠯᠠᠭᠤᠯᠵᠦ᠂ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠴᠢᠶᠠᠯᠠᠪᠤᠷᠢ ᠶᠢ ᠪᠦᠷᠢᠨᠰᠢᠭᠦᠯᠤᠨ᠂ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠡᠩᠨᠡᠭᠡ ᠶᠢ ᠶᠡᠭᠡ ᠪᠠᠷ ᠬᠦᠮᠦᠵᠢᠭᠦᠯᠵᠦ᠂ ᠲᠠᠷᠠᠭᠠᠴᠢ ᠪᠠᠷ ᠮᠠᠯᠵᠢᠬᠤ ᠲᠠᠷᠢᠶᠠᠯᠠᠬᠤ ᠤᠷᠤᠨ ᠳᠠᠬᠢ ᠦᠨᠳᠦᠰᠦᠨ ᠱᠠᠳᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠢ ᠬᠦᠭᠵᠢᠭᠦᠯᠵᠦ᠂ ᠰᠦᠯᠵᠢᠶᠠᠨ ᠲᠡᠭᠡᠷ᠎ᠠ ᠬᠠᠤᠯᠢ ᠴᠠᠭᠠᠵᠠ ᠶᠢᠨ ᠠᠰᠠᠭᠤᠨ ᠯᠠᠪᠯᠠᠭ᠎ᠠ ᠬᠠᠨᠭ᠍ᠭᠠᠵᠦ᠂ ᠦᠨᠳᠦᠰᠦᠨ ᠱᠠᠳᠤᠨ ᠤ ᠬᠠᠤᠯᠢ ᠴᠠᠭᠠᠵᠠ ᠶᠢᠨ ᠴᠢᠳᠠᠪᠤᠷᠢᠳᠠᠨ ᠬᠦᠢᠴᠡᠳ ᠦᠭᠡᠢ᠂ ᠲᠤᠰᠬᠠᠢ ᠮᠡᠷᠭᠡᠵᠢᠯ ᠤᠨ ᠲᠦᠪᠰᠢᠨ ᠦᠨᠳᠤᠷ ᠪᠢᠰᠢ ᠵᠡᠷᠭᠡ ᠲᠤᠳᠠᠭᠤᠳᠠᠯ ᠢ ᠨᠦᠭᠦᠪᠦᠷᠢᠯᠡᠨ᠎ᠠ ᠭᠡᠵᠦ ᠲᠤᠷᠠᠳᠤᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号