ᠪᠠᠭ᠎ᠠ ᠵᠤᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠳᠤᠷᠠᠰᠬᠠᠬᠤ ︽ᠣᠭ ᠰᠠᠨᠠᠭ᠎ᠠ ᠪᠠᠨ ᠥᠯᠥ ᠮᠠᠷᠲᠠᠨ ᠰᠠᠭᠤᠭᠠᠯᠢ ᠠᠷᠠᠳ ᠲᠤ  ᠦᠢᠯᠡᠴᠢᠯᠡᠬᠦ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018-07-03
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠳᠤᠷᠠᠰᠬᠠᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 29 ᠤ ᠡᠳᠦᠷ᠂ ᠢᠦᠢ ᠴᠢᠤᠸᠠᠨ ᠲᠣᠭᠤᠷᠢᠭ ᠤᠨ ᠪᠠᠭ᠎ᠠ ᠵᠤᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠭᠡᠰᠢᠭᠦᠨ ᠪᠣᠯᠤᠨ ᠠᠵᠢᠯᠳᠡᠠ ᠦᠢᠯᠡᠴᠢᠯᠡᠭᠡᠨ ᠤ ᠲᠥᠪ ᠤᠨ ᠡᠭᠦᠳᠡᠨ ᠳᠤ ᠴᠤᠭᠯᠠᠷᠠᠵᠤ᠂ ᠬᠠᠮᠲᠤ ᠪᠠᠷ ᠡᠳ᠋ᠯᠡᠬᠦ ᠲᠤᠭᠤᠢ ᠲᠡᠷᠭᠡ ᠪᠠᠷ ᠤᠯᠠᠭᠠᠨᠬᠦᠦ ᠶᠢᠨ ᠳᠤᠷᠠᠰᠬᠠᠯ ᠤᠨ ᠣᠷᠳᠣᠨ ᠢ ᠲᠣᠭᠤᠷᠢᠨ ᠦᠵᠡᠬᠦ ᠪᠠᠷ ᠲᠠᠮᠵᠢᠨ ᠰᠤᠷᠤᠯᠴᠠᠵᠤ᠂ ᠥᠪᠥᠷ ᠮᠣᠩᠭᠤᠯ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠦᠰ ᠤᠨ ᠭᠠᠪᠢᠶ᠎ᠠ ᠵᠢᠳᠬᠦᠯ ᠢ ᠭᠦᠨᠵᠡᠭᠡᠶ ᠤᠶᠢᠯᠠᠭᠠᠪᠠ᠃
 
           ᠬᠤᠪᠢᠰᠬᠠᠯ ᠤᠨ ᠳᠤᠷᠠᠰᠬᠠᠯᠲᠤ ᠭᠠᠵᠠᠷ ᠲᠠᠬᠢ ᠡᠷᠡᠮᠡᠯᠵᠡᠯ ᠪᠠ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠬᠦᠨᠳᠦᠳᠭᠡᠬᠦ ᠰᠡᠳᠬᠢᠯ ᠢ ᠡᠪᠦᠷᠯᠡᠨ᠂ ᠪᠦᠬᠦᠳᠡᠭᠡᠷ ᠬᠤᠪᠢᠰᠬᠠᠯ ᠤᠨ ᠳᠤᠷᠠᠰᠬᠠᠯᠲᠤ ᠪᠤᠳᠠᠰ ᠨᠢᠭᠡᠪᠦᠷᠢ ᠶᠢᠨ ᠢᠷᠡᠯᠲᠡ ᠶᠢᠨ ᠲᠤᠬᠠᠶ ᠨᠠᠷᠢᠨ ᠬᠢᠨᠠᠮᠠᠭᠠᠶ  ᠰᠤᠨᠤᠰᠴᠤ᠂ ᠠᠯᠬᠤᠭ᠎ᠠ ᠪᠠᠨ ᠵᠤᠭᠰᠤᠨ ᠤᠬᠠᠭᠤᠯᠭ᠎ᠠ ᠶᠢᠨ ᠵᠢᠷᠤᠭ  ᠪᠦᠬᠦᠨ ᠢ  ᠰᠤᠨᠢᠷᠬᠠᠪᠠ᠃
 
           ᠲᠣᠭᠤᠷᠢᠨ ᠦᠵᠡᠵᠦ ᠲᠠᠭᠤᠰᠤᠭᠰᠠᠨ ᠤ ᠳᠠᠷᠠᠭ᠎ᠠ᠂ ᠤᠯᠠᠨ ᠢᠶᠠᠷ ᠢᠶᠠᠨ ᠠᠬᠠᠮᠠᠳ ᠨᠢᠭᠡ  ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠲᠡᠰᠪᠦᠷᠢ ᠬᠠᠲᠠᠭᠤᠵᠢᠯᠲᠠᠶ ᠲᠡᠮᠡᠴᠡᠵᠦ᠂ ᠨᠤᠭᠤᠷᠠᠯ ᠴᠦᠬᠦᠷᠡᠯ ᠦᠭᠡᠢ᠂ ᠬᠠᠷᠠᠮ ᠤᠢᠭᠡᠢ ᠵᠣᠷᠢᠭᠤᠯᠬᠤ ᠬᠤᠪᠢᠰᠬᠠᠯᠲᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠬᠦᠰᠡᠯᠡᠩ ᠪᠠ ᠢᠲᠡᠭᠡᠯ ᠵᠣᠷᠢᠭ ᠢᠶᠠᠨ ᠪᠠᠲᠤᠳᠬᠠᠵᠤ᠂ ᠤᠬ ᠰᠠᠨᠠᠭ᠎ᠠ ᠪᠠᠨ ᠦᠯᠦ  ᠮᠠᠷᠲᠠᠨ᠂ ᠰᠠᠭᠤᠭᠠᠯᠢ ᠠᠷᠠᠳ ᠲᠤ ᠦᠢᠯᠡᠴᠢᠯᠡᠬᠦ ᠡᠭᠦᠷᠭᠡ ᠶᠢ ᠪᠠᠲᠤ ᠴᠡᠭᠡᠵᠢᠯᠡᠵᠦ᠂  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ  ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠡᠳᠦᠷ ᠲᠤᠳᠤᠮ ᠤᠨ ᠡᠮ ᠡᠮᠨᠡᠯᠭᠡ ᠶᠢᠨ ᠠᠵᠢᠯ ᠤᠨ ᠳᠤᠮᠳᠠ  ᠲᠤᠤᠱᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠠᠮᠠᠯᠠᠯᠲᠠ ᠪᠠᠨ  ᠦᠢᠯᠡᠳᠦᠯᠭᠡᠵᠢᠭᠦᠯᠬᠦ  ᠰᠡᠳᠭᠢᠯ ᠢᠶᠠᠨ ᠢᠯᠡᠳᠭᠡᠪᠡ᠃
 
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号