ᠦᠴᠦᠸᠠᠨ ᠰᠢᠶᠠᠨ ᠤ ᠲᠤᠰᠬᠤᠨ ᠤ《 ᠬᠤᠶᠠᠷ ᠵᠦᠪᠯᠡᠯ》 ᠤᠨ ᠬᠤᠭᠤᠴᠠᠭ᠎ᠠ ᠰᠣᠯᠢᠬᠤ ᠡᠮᠡᠭᠲᠡᠶᠢᠴᠦᠳ ᠰᠤᠩᠭᠤᠭᠤᠯᠢ ᠳᠤ ᠣᠷᠤᠯᠴᠠᠵᠤ ᠵᠠᠰᠠᠭ ᠵᠦᠪᠯᠡᠬᠦ ᠪᠣᠯᠪᠠᠰᠤᠷᠠᠯ ᠤᠨ ᠠᠩᠬᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2018-07-03
     ᠬᠦᠳᠡᠭᠡ ᠲᠤᠰᠬᠤᠨ ᠤ ᠡᠮᠡᠭᠲᠡᠶᠢᠴᠦᠳ ᠤᠨ ᠰᠤᠩᠭᠤᠭᠤᠯᠢ ᠳᠤ ᠣᠷᠤᠯᠴᠠᠵᠤ ᠵᠠᠰᠠᠭ ᠵᠦᠪᠯᠡᠬᠦ ᠠᠵᠢᠯ ᠢ ᠣᠯᠠᠮ ᠰᠠᠶᠢᠨ ᠬᠢᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ《 ᠬᠤᠶᠠᠷ ᠵᠦᠪᠯᠡᠯ》 ᠳᠤ ᠣᠷᠤᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠣᠯᠠᠮ ᠠᠷᠪᠢᠨ ᠡᠮᠡᠭᠲᠡᠶᠢᠴᠦᠳ ᠤᠨ ᠲᠣᠰᠬᠤᠨ ᠤ ᠦᠪᠡᠷᠲᠡᠭᠡᠨ ᠵᠠᠰᠠᠬᠤ ᠦᠢᠯᠡᠳᠦᠯᠭᠡ ᠳᠤ ᠣᠷᠤᠯᠴᠠᠬᠤ ᠶᠢ ᠠᠬᠢᠭᠤᠯᠬᠤ ᠶᠢᠨ ᠲᠥᠯᠦᠭᠡ᠂ ᠣᠶᠢᠷ᠎ᠠ ᠶᠢᠨ ᠡᠳᠤᠷ᠂ ᠪᠦᠬᠦ ᠰᠢᠶᠠᠨ ᠤ ᠲᠤᠰᠬᠤᠨ ᠤ《 ᠬᠤᠶᠠᠷ ᠵᠦᠪᠯᠡᠯ》 ᠶᠢᠨ ᠬᠤᠭᠤᠴᠠᠭ᠎ᠠ ᠰᠣᠯᠢᠬᠤ ᠡᠮᠡᠭᠲᠡᠶᠢᠴᠦᠳ ᠰᠤᠩᠭᠤᠭᠤᠯᠢ ᠳᠤ ᠣᠷᠤᠯᠴᠠᠵᠤ ᠵᠠᠰᠠᠭ ᠵᠦᠪᠯᠡᠬᠦ ᠪᠣᠯᠪᠠᠰᠤᠷᠠᠯ ᠤᠨ ᠠᠩᠬᠢ ᠰᠤᠷᠤᠯᠭ᠎ᠠ ᠡᠬᠢᠯᠡᠪᠡ᠃ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ ᠶᠢᠨ ᠬᠠᠷᠢᠭᠤᠴᠠᠯᠭᠠᠲᠠᠨ ᠵᠢᠴᠢ ᠰᠢᠶᠠᠨ ᠤ ᠤᠳᠤᠷᠢᠳᠤᠯᠭ᠎ᠠ ᠬᠠᠳᠠ ᠬᠤᠷᠠᠯ ᠳᠤ ᠰᠠᠭᠠᠲᠠᠵᠤ᠂ ᠡᠯ᠎ᠡ ᠲᠤᠰᠬᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ᠂ ᠡᠮᠡᠭᠲᠡᠶᠢᠴᠦᠳ ᠢ ᠪᠠᠶᠠᠵᠢᠭᠤᠯᠬᠤ ᠳᠠᠭᠠᠭᠤᠯᠤᠭᠴᠢ ᠨᠡᠶᠢᠲᠡ140 ᠣᠷᠴᠢᠮ ᠬᠥᠮᠦᠨ ᠪᠣᠯᠪᠠᠰᠤᠷᠠᠯ ᠳᠤ ᠣᠷᠤᠯᠴᠠᠪᠠ᠃      ᠲᠠᠶᠢᠴᠢᠯᠠᠯᠲᠠ ᠶᠢᠨ ᠬᠤᠷᠠᠯ ᠳᠡᠭᠡᠷ᠎ᠡ᠂ ᠬᠠᠳᠠ ᠴᠢᠬᠤᠯᠠᠴᠢᠯᠠᠭᠰᠠᠨ ᠨᠢ᠂ ᠪᠥᠬᠦ ᠰᠢᠶᠠᠨ ᠤ ᠬᠦᠳᠡᠭᠡ ᠲᠣᠰᠬᠤᠨ  ᠤ ᠡᠮᠡᠭᠲᠡᠶᠢᠴᠦᠳ ᠰᠤᠩᠭᠤᠭᠤᠯᠢ ᠳᠤ ᠣᠷᠤᠯᠴᠠᠵᠤ ᠵᠠᠰᠠᠭ ᠵᠦᠪᠯᠡᠬᠦ ᠪᠣᠯᠪᠠᠰᠤᠷᠠᠯ ᠤᠨ ᠠᠩᠬᠢ ᠶᠢ ᠡᠷᠬᠢᠯᠡᠬᠦ ᠨᠢ ᠡᠮᠡᠭᠲᠡᠶᠢᠴᠦᠳ ᠤᠨ ᠰᠤᠩᠭᠤᠭᠤᠯᠢ ᠳᠤ ᠣᠷᠤᠯᠴᠠᠵᠤ ᠵᠠᠰᠠᠭ ᠵᠦᠪᠯᠡᠬᠦ ᠤᠬᠠᠮᠰᠠᠷ ᠢ ᠨᠡᠮᠡᠭᠳᠡᠭᠦᠯᠬᠦ᠂ ᠡᠮᠡᠭᠲᠡᠶᠢᠴᠦᠳ ᠤᠨ ᠰᠤᠩᠭᠤᠭᠤᠯᠢ ᠳᠤ ᠣᠷᠤᠯᠴᠠᠵᠤ ᠵᠠᠰᠠᠭ ᠵᠦᠪᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠤᠭᠳᠠᠯ  ᠲᠠᠢ᠂ ᠣᠯᠠᠨ ᠢᠶᠠᠷ ᠢᠶᠠᠨ ᠡᠮᠡᠭᠲᠡᠶᠢᠴᠦᠳ ᠰᠤᠩᠭᠤᠭᠤᠯᠢ ᠳᠤ ᠣᠷᠤᠯᠴᠠᠵᠤ ᠵᠠᠰᠠᠭ ᠵᠦᠪᠯᠡᠬᠦ ᠶᠢᠨ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠵᠤ᠂ ᠦᠪᠡᠷ ᠤᠨ ᠢᠶᠠᠨ ᠠᠷᠠᠳᠴᠢᠯᠠᠯᠲᠤ ᠬᠠᠮᠢᠶᠠᠷᠤᠯᠲᠠ ᠪᠠ ᠰᠢᠢᠳᠪᠦᠷᠢᠲᠦ ᠪᠣᠳᠤᠯᠭ᠎ᠠ ᠲᠤᠭᠲᠠᠭᠠᠬᠤ ᠳᠤ ᠣᠷᠤᠯᠴᠠᠬᠤ ᠤᠬᠠᠮᠰᠠᠷ ᠪᠠ ᠣᠷᠭᠢᠯᠤᠮ᠎ᠠ ᠬᠠᠯᠠᠭᠤᠨ ᠰᠡᠳᠭᠢᠯᠭᠡ ᠪᠠᠨ ᠨᠡᠮᠡᠭᠳᠡᠭᠦᠯᠵᠤ᠂ ᠰᠤᠷᠤᠯᠴᠠᠯᠭ᠎ᠠ ᠪᠣᠯᠪᠠᠰᠤᠷᠠᠯ ᠢᠶᠠᠨ ᠴᠢᠩᠭᠠᠳᠬᠠᠵᠤ᠂ ᠰᠤᠩᠭᠤᠭᠤᠯᠢ ᠳᠤ ᠣᠷᠤᠯᠴᠠᠵᠤ ᠵᠠᠰᠠᠭ ᠵᠦᠪᠯᠡᠬᠦ ᠴᠢᠳᠠᠪᠤᠷᠢ ᠪᠠ ᠬᠢᠷᠢ ᠲᠥᠪᠰᠢᠨ ᠢᠶᠠᠨ ᠨᠡᠮᠡᠭᠳᠡᠭᠦᠯᠬᠦ ᠶᠢᠨ ᠳᠠᠭᠤ ᠡᠮᠡᠭᠲᠡᠶᠢᠴᠦᠳ ᠰᠤᠩᠭᠤᠭᠤᠯᠢ ᠳᠤ ᠣᠷᠤᠯᠴᠠᠵᠤ ᠵᠠᠰᠠᠭ ᠵᠦᠪᠯᠡᠬᠦ ᠶᠢᠨ ᠤᠬᠠᠭᠤᠯᠤᠭᠴᠢ᠂ ᠳᠠᠭᠠᠭᠤᠯᠤᠭᠴᠢ ᠪᠣᠯᠬᠤ ᠬᠡᠷᠡᠭᠲᠠᠢ ᠭᠡᠪᠡ᠃      ᠳᠠᠶᠢᠴᠢᠯᠠᠯᠲᠠ ᠶᠢᠨ ᠬᠤᠷᠠᠯ ᠤᠨ ᠳᠠᠷᠠᠭ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ ᠶᠢᠨ ᠬᠠᠷᠢᠭᠤᠴᠠᠯᠭᠠᠲᠠᠨ ᠠᠴᠠ〈ᠡᠮᠡᠭᠲᠡᠶᠢᠴᠦᠳ ᠰᠤᠩᠭᠤᠭᠤᠯᠢ ᠳᠤ ᠣᠷᠤᠯᠴᠠᠵᠤ ᠵᠠᠰᠠᠭ ᠵᠦᠪᠯᠡᠬᠦ ᠪᠠ ᠬᠦᠳᠡᠭᠡ ᠲᠤᠰᠬᠤᠨ ᠤ ᠡᠮᠡᠭᠲᠡᠶᠢᠴᠦᠳ《 ᠬᠤᠶᠠᠷ ᠵᠦᠪᠯᠡᠯ》 ᠳᠤ ᠣᠷᠤᠬᠤ〉 ᠪᠠᠷ ᠭᠤᠣᠯ ᠪᠣᠯᠭᠠᠭᠰᠠᠨ ᠲᠤᠰᠬᠠᠢ ᠰᠡᠳᠦᠪᠲᠤ ᠲᠠᠶᠢᠯᠤᠮᠵᠢ ᠬᠢᠪᠡ᠃ ᠲᠠᠶᠢᠯᠣᠮᠵᠢ ᠨᠢ ᠶᠠᠭᠤᠨ ᠳᠤ《 ᠬᠤᠶᠠᠷ ᠵᠦᠪᠯᠡᠯ》 ᠳᠤ ᠣᠷᠤᠬᠤ ᠪᠠᠷ ᠢᠳᠡᠪᠬᠢᠯᠡᠨ ᠲᠡᠮᠡᠴᠡᠳᠡᠭ ᠪᠤᠢ︖ ᠶᠠᠭᠠᠬᠢᠵᠤ ᠬᠢᠪᠡᠯ ᠨᠡᠩ ᠢᠯᠭᠤᠮ ᠤᠷᠤᠭᠰᠢᠲᠠᠢ ᠪᠠᠷ ᠲᠤᠰᠬᠤᠨ ᠤ《 ᠬᠤᠶᠠᠷ ᠵᠦᠪᠯᠡᠯ 》 ᠳᠤ ᠣᠷᠤᠬᠤ ᠪᠤᠢ︖ ᠡᠮᠡᠭᠲᠡᠶᠢᠴᠦᠳ ᠲᠤᠰᠬᠤᠨ ᠤ《 ᠬᠤᠶᠠᠷ ᠵᠦᠪᠯᠡᠯ》 ᠤᠨ ᠭᠡᠰᠢᠬᠦᠨ ᠪᠣᠯᠤᠭᠰᠠᠠ ᠤ ᠳᠠᠷᠠᠭ᠎ᠠ ᠠᠵᠢᠯ ᠢᠶᠠᠨ ᠬᠡᠷᠬᠢᠨ ᠦᠷᠨᠢᠭᠦᠯᠬᠦ ᠵᠡᠷᠭᠡ ᠭᠤᠷᠪᠠᠨ ᠲᠠᠯ᠎ᠠ ᠪᠠᠷ ᠪᠦᠬᠦ ᠲᠠᠯ᠎ᠠ ᠶᠢᠨ ᠨᠠᠷᠢᠯᠢᠭ ᠭᠦᠨᠵᠡᠭᠡᠢ ᠲᠠᠶᠢᠯᠤᠮᠵᠢ ᠬᠢᠪᠡ᠃      ᠬᠤᠷᠠᠯ ᠤᠨ ᠳᠠᠷᠠᠭ᠎ᠠ᠂ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠨᠢ ᠳᠡᠭᠡᠳᠤ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠬᠠᠮᠢᠶ᠎ᠠ ᠪᠥᠬᠦᠢ ᠱᠠᠭᠠᠷᠳᠠᠯᠭ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠨᠢᠭᠡᠳᠦᠯᠲᠠᠢ ᠲᠣᠬᠢᠷᠠᠭᠤᠯᠭ᠎ᠠ ᠶᠣᠰᠤᠭᠠᠷ᠂ ᠡᠮᠡᠭᠲᠡᠶᠢᠴᠦᠳ ᠲᠣᠰᠬᠤᠨ ᠤ《 ᠬᠤᠶᠠᠷ ᠵᠦᠪᠯᠡᠯ》 ᠳᠤ ᠣᠷᠤᠬᠤ ᠶᠢ ᠦᠷᠬᠦᠯᠵᠢᠯᠡᠨ ᠢᠳᠡᠪᠬᠢᠯᠡᠨ ᠠᠬᠢᠭᠤᠯᠬᠤ ᠪᠣᠯᠤᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号