ᠹᠧᠩ ᠢᠦᠢ ᠵᠧᠨ ᠬᠤᠷᠢᠨᠭᠡᠷ ᠰᠢᠶᠠᠨ ᠤ ᠶᠠᠳᠠᠭᠤ ᠶᠢ ᠲᠡᠳᠬᠦᠬᠦ ᠠᠵᠢᠯ ᠳᠤ ᠪᠠᠶᠢᠴᠠᠭᠠᠨ ᠰᠣᠳᠣᠯᠣᠯᠲᠠ ᠬᠢᠬᠦ  ᠳᠤ ᠪᠠᠨ ᠴᠢᠩᠭᠠᠳᠬᠠᠭᠰᠠᠨ ᠨᠢ᠂ ᠲᠣᠬᠠᠢ ᠶᠢᠨ ᠭᠠᠵᠠᠷ ᠲᠤᠨᠢ ᠲᠣᠬᠢᠷᠠᠭᠤᠯᠣᠨ ᠦᠨᠡᠨ ᠠᠴᠠ ᠵᠥᠪ ᠢ ᠡᠷᠢᠵᠦ᠂ ︽ᠴᠢᠰᠣ ᠪᠦᠲᠦᠭᠡᠬᠦ ᠮᠠᠶ᠋ᠢᠭ︾ ᠤᠨ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠵᠠᠭᠪᠣᠷ ᠤᠨ ᠯᠠᠪᠳᠠᠭᠤᠨ ᠬᠦᠭᠵᠢᠯᠲᠡ ᠶᠢ ᠪᠡᠶᠡᠯᠡᠭᠦᠯᠬᠦ ᠶᠢ ᠪᠠᠲᠣᠯᠠᠬᠤ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2018-07-03
     6 ᠳ᠋ᠤᠭᠠᠷ ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠹᠧᠩ ᠢᠥᠢ ᠵᠧᠨ ᠬᠤᠷᠢᠨᠭᠡᠷ ᠰᠢᠶᠠᠨ ᠤ ᠶᠠᠳᠠᠭᠤ ᠶᠢ ᠳᠡᠳᠬᠦᠬᠦ ᠠᠵᠢᠯ ᠢ ᠪᠠᠶᠢᠴᠠᠭᠠᠨ ᠰᠣᠳᠣᠯᠬᠤ ᠳᠤ ᠪᠠᠨ ᠴᠢᠩᠭᠠᠳᠬᠠᠭᠰᠠᠨ ᠨᠢ᠂ ᠠᠵᠣ ᠦᠢᠯᠡᠰ ᠢᠶᠠᠷ ᠶᠠᠳᠠᠭᠤ ᠶᠢ ᠳᠡᠳᠬᠦᠬᠦ ᠶᠢ ᠶᠠᠳᠠᠭᠤ ᠠᠴᠠ ᠠᠩᠭᠢᠵᠢᠷᠠᠭᠤᠯᠵᠣ ᠪᠣᠭᠤᠮᠲᠠ ᠰᠢᠪᠲᠣᠯᠬᠤ ᠶᠢᠨ ᠦᠨᠳᠦᠰᠦᠨ ᠭᠠᠷᠬᠤ ᠵᠠᠮ ᠪᠣᠯᠭᠠᠵᠣ᠂ ᠲᠣᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠣᠨ᠂ ᠦᠨᠡᠨ ᠬᠡᠷᠡᠭ ᠠᠴᠠ ᠵᠥᠪ ᠢ ᠡᠷᠢᠵᠦ᠂ ᠭᠦᠨᠵᠡᠭᠡᠶᠢᠷᠡᠨ ᠰᠣᠳᠣᠯᠵᠣ᠂ ᠠᠶᠣᠯ ᠲᠦᠭᠰᠢᠭᠦᠷᠢ ᠠᠴᠠ ᠵᠠᠶᠢᠯᠠᠨ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠤᠯᠠᠮ ᠨᠢᠭᠡ ᠠᠯᠬᠤᠮ ᠳᠠᠶᠢᠴᠢᠯᠠᠵᠣ ᠶᠠᠳᠠᠭᠤ ᠶᠢ ᠳᠡᠳᠬᠦᠬᠦ ᠳᠤ ᠣᠷᠣᠯᠴᠠᠭᠤᠯᠣᠨ᠂ ︽ᠴᠢᠰᠣ ᠪᠦᠲᠦᠭᠡᠬᠦ ᠮᠠᠶ᠋ᠢᠭ︾ ᠤᠨ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠵᠠᠭᠪᠣᠷ ᠤᠨ ᠯᠠᠪᠳᠠᠭᠤᠨ ᠬᠦᠭᠵᠢᠯᠲᠡ ᠶᠢ ᠪᠡᠶᠡᠯᠡᠭᠦᠯᠬᠦ ᠶᠢ ᠪᠠᠲᠣᠯᠠᠬᠤ ᠬᠡᠷᠡᠭᠲᠡᠢ ᠭᠡᠵᠡᠢ᠃      ᠮᠦᠨ28 ᠤ ᠡᠳᠦᠷ᠂ ᠹᠧᠩ ᠢᠥᠢ ᠵᠧᠨ ᠪᠠᠰᠠ ᠬᠤᠷᠢᠨᠭᠡᠷ ᠰᠢᠶᠠᠨ ᠤ ᠰᠢᠨ ᠳ᠋ᠢᠶᠠᠨ ᠽᠢ ᠪᠠᠯᠭᠠᠰᠣ  ᠪᠣᠯᠣᠨ ᠾᠸᠢ ᠯᠣᠣ ᠶᠣᠣ ᠰᠢᠶᠠᠩ ᠳᠤ ᠬᠦᠷᠴᠦ᠂ ᠰᠢᠨ ᠳ᠋ᠢᠶᠠᠨ ᠽᠢ ᠪᠠᠯᠭᠠᠰᠣᠨ ᠤ ᠵᠢᠶᠣᠣ ᠨᠢ ᠸᠠᠨ ᠵᠠᠰᠠᠭ ᠵᠠᠬᠢᠷᠭᠠᠨ ᠤ ᠲᠣᠰᠬᠤᠨ ᠤ ᠴᠢᠩ ᠶᠣᠸᠠᠨ ᠰᠠᠭᠤᠷᠢᠨ ᠭᠠᠵᠠᠷ᠂ ᠾᠸᠢ ᠯᠣᠣ ᠶᠣᠣ ᠰᠢᠶᠠᠩ ᠤᠨ ᠪᠠᠨ ᠲᠠᠨ ᠲᠣᠰᠬᠤᠨ ᠤ ︽ᠡᠯᠵᠢᠭᠡ ᠪᠠᠷ ᠶᠠᠳᠠᠭᠤ ᠶᠢ ᠳᠡᠳᠬᠦᠬᠦ︾ ᠲᠦᠷᠥᠯ ᠵᠦᠢᠯ ᠪᠣᠯᠣᠨ ᠾᠸᠢ ᠯᠣᠣ ᠶᠣᠣ ᠰᠢᠶᠠᠩ ᠤᠨ ᠾᠸᠢ ᠯᠣᠣ ᠶᠣᠣ ᠲᠣᠰᠬᠤᠨ ᠤ ︽ᠭᠠᠵᠠᠷ ᠲᠠᠷᠢᠶ᠎ᠠ ᠪᠠᠷ ᠶᠠᠳᠠᠭᠤ ᠶᠢ ᠳᠡᠳᠬᠦᠬᠦ︾ ᠲᠦᠷᠥᠯ ᠵᠦᠢᠯ ᠳᠤ ᠭᠦᠨᠵᠡᠭᠡᠢ ᠪᠠᠶᠢᠴᠠᠭᠠᠨ ᠰᠣᠳᠣᠯᠣᠯᠲᠠ ᠬᠢᠵᠦ᠂ ᠣᠳᠣᠬᠠᠨ ᠤ ᠠᠵᠣ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠳᠣᠮᠳᠠᠬᠢ ᠣᠷᠣᠰᠢᠵᠣ ᠪᠠᠶᠢᠭ᠎ᠠ ᠠᠰᠠᠭᠤᠳᠠᠯ ᠢ ᠨᠠᠷᠢᠯᠢᠭ ᠣᠶᠢᠯᠠᠭᠠᠵᠣ᠂ ᠠᠵᠣ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠬᠡᠷᠬᠢᠨ ᠬᠢᠬᠦ ᠲᠣᠬᠠᠢ ᠰᠣᠳᠣᠯᠬᠤ ᠶᠢᠨ ᠳᠠᠭᠠᠣ ᠪᠠᠶᠢᠷᠢᠯᠠᠭᠠᠯᠣᠯᠲᠠ ᠬᠢᠪᠡ᠃      ᠪᠠᠶᠢᠴᠠᠭᠠᠨ ᠰᠣᠳᠣᠯᠣᠯᠲᠠ ᠶᠢᠨ ᠰᠠᠭᠤᠳᠠᠯ ᠤᠨ ᠬᠤᠷᠠᠯ ᠳᠡᠭᠡᠷ᠎ᠡ᠂ ᠹᠧᠩ ᠢᠥᠢ ᠵᠧᠨ ᠬᠤᠷᠢᠨᠭᠡᠷ ᠰᠢᠶᠠᠨ ᠤ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠳᠣᠮᠳᠠᠬᠢ ᠠᠷᠭ᠎ᠠ ᠬᠡᠮᠵᠢᠶ᠎ᠡ ᠪᠣᠯᠣᠨ ᠦᠷ᠎ᠡ ᠪᠦᠲᠦᠮᠵᠢ ᠶᠢ ᠭᠦᠢᠴᠡᠳ ᠨᠣᠲᠠᠯᠠᠬᠤ ᠶᠢ ᠳᠠᠭᠠᠣ ᠵᠢᠭᠠᠵᠣ ᠭᠠᠷᠭᠠᠭᠰᠠᠨ ᠨᠢ ᠶᠠᠳᠠᠭᠤ ᠠᠴᠠ ᠠᠩᠭᠢᠵᠢᠷᠠᠭᠤᠯᠵᠣ ᠪᠣᠭᠤᠮᠲᠠ ᠰᠢᠪᠲᠣᠯᠬᠤ ᠳᠠᠶᠢᠨ ᠤ ᠢᠯᠠᠯᠲᠠ ᠶᠢ ᠣᠯᠬᠤ ᠪᠣᠯ ᠨᠠᠮ ᠤᠨ ᠲᠥᠪ ᠬᠤᠷᠢᠶ᠎ᠠ ᠶᠢᠨ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ᠂ ᠲᠡᠷᠡ ᠨᠢ ᠣᠯᠠᠨ ᠲᠦᠮᠡᠨ ᠤ ᠠᠰᠢᠭ ᠲᠤᠰᠠ ᠲᠠᠢ ᠰᠢᠭᠤᠳ ᠬᠤᠯᠪᠣᠭᠳᠠᠵᠤ᠂ ᠪᠦᠬᠦ ᠨᠡᠶᠢᠭᠡᠮ ᠤᠨ ᠬᠦᠮᠦᠨ ᠪᠦᠬᠦᠨ ᠤ ᠵᠠᠶᠢᠯᠠᠭᠤᠯᠵᠣ ᠪᠣᠯᠣᠰᠢ ᠦᠭᠡᠢ ᠬᠠᠷᠢᠭᠤᠴᠠᠯᠭ᠎ᠠ ᠮᠥᠨ᠃ ᠡᠯ᠎ᠡ ᠱᠠᠲᠣ ᠡᠯ᠎ᠡ ᠰᠠᠯᠠᠭ᠎ᠠ ᠮᠦᠴᠢᠷ ᠵᠠᠪᠠᠯ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠨ᠂ ᠲᠣᠬᠠᠢ ᠶᠢᠨ ᠭᠠᠵᠠᠷ ᠤᠨ ᠠᠵᠣ ᠦᠢᠯᠡᠰ ᠤᠨ ᠳᠠᠪᠠᠭᠤᠯᠢᠭ ᠲᠠᠢ ᠪᠠᠨ ᠣᠶᠠᠯᠳᠣᠭᠤᠯᠵᠣ᠂ ︽ᠵᠠᠭᠤᠨ ᠠᠵᠣ ᠠᠬᠤᠶᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯᠯᠠᠭ᠎ᠠ ᠪᠠᠷ ᠠᠳᠬᠤᠴᠠ ᠪᠣᠯᠭᠠᠵᠣ᠂ ᠲᠣᠬᠠᠢ ᠶᠢᠨ ᠭᠠᠵᠠᠷ ᠲᠤᠨᠢ ᠲᠣᠬᠢᠷᠠᠭᠤᠯᠵᠣ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠶᠢ ᠰᠠᠶᠢᠲᠣᠷ ᠠᠳᠬᠤᠵᠣ᠂ ᠤᠯᠠᠨ ᠲᠦᠮᠡᠨ ᠤ ᠦᠢᠯᠡᠳᠪᠦᠷᠢᠯᠡᠯ ᠳᠤ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠡᠷᠲᠡᠬᠡᠨ ᠡᠳᠦᠷ ᠶᠠᠳᠠᠭᠤ ᠠᠴᠠ ᠠᠩᠭᠢᠵᠢᠷᠠᠬᠤ ᠶᠢ ᠪᠠᠲᠣᠯᠠᠬᠤ ᠬᠡᠷᠡᠭᠲᠡᠢ ᠭᠡᠵᠡᠢ᠃      ᠹᠧᠩ ᠢᠥᠢ ᠵᠧᠨ ᠴᠢᠩᠭᠠᠳᠬᠠᠭᠰᠠᠨ ᠨᠢ᠂ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠶᠢ ᠠᠮᠢ ᠠᠬᠤᠢ ᠶᠢᠨ ᠪᠦᠲᠦᠭᠡᠨ ᠪᠠᠶᠢᠭᠤᠯᠣᠯᠲᠠ᠂ ᠬᠦᠳᠡᠭᠡ ᠲᠣᠰᠬᠤᠨ ᠢᠶᠠᠷ ᠬᠦᠴᠦᠷᠬᠡᠭᠵᠢᠭᠦᠯᠬᠦ ᠪᠠᠶᠢᠯᠳᠣᠬᠤ ᠪᠣᠳᠣᠯᠭ᠎ᠠ᠂ ᠬᠦᠳᠡᠭᠡ ᠲᠣᠰᠬᠤᠨ ᠤ ᠵᠢᠭᠤᠯᠴᠢᠯᠠᠯ᠂ ᠲᠣᠯᠣᠭᠠᠶᠢᠯᠠᠭᠴᠢ ᠠᠵᠣ ᠠᠬᠤᠶᠢᠯᠠᠯ ᠢ ᠬᠦᠭᠵᠢᠭᠦᠯᠬᠦ ᠵᠢᠴᠢ ᠬᠤᠲᠠ ᠶᠢᠨ ᠬᠠᠩᠭᠠᠯᠭ᠎ᠠ  ᠲᠠᠢ ᠣᠶᠠᠯᠳᠣᠭᠤᠯᠵᠣ᠂ ᠰᠢᠨᠵᠢᠯᠡᠬᠦ ᠣᠬᠠᠭᠠᠨᠴᠢ ᠪᠠᠷ ᠲᠦᠯᠦᠪᠯᠡᠵᠦ᠂ ᠨᠠᠷᠢᠯᠢᠭ ᠣᠨᠣᠪᠴᠢᠲᠠᠢ ᠬᠡᠷᠡᠭᠵᠢᠭᠦᠯᠦᠨ᠂ ᠶᠠᠳᠠᠭᠤ ᠬᠦᠴᠢᠷᠳᠡᠯᠲᠡᠢ ᠣᠷᠣᠨ ᠤ ᠦᠷᠭᠦᠯᠵᠢᠯᠡᠭᠦᠶᠢᠴᠡ ᠬᠦᠭᠵᠢᠯᠲᠡ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠠᠷᠠᠳ ᠤᠨ ᠦᠷᠭᠦᠯᠵᠢᠯᠡᠭᠦᠶᠢᠴᠡ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠶᠡᠬᠡᠪᠡᠷ ᠬᠦᠭᠵᠢᠭᠦᠯᠦᠨ᠂ ᠲᠠᠰᠣᠷᠠᠯᠲᠠ ᠦᠭᠡᠢ ᠬᠦᠴᠦᠷᠬᠡᠭᠵᠢᠵᠦ ᠪᠠᠶᠢᠭ᠎ᠠ ᠲᠣᠯᠣᠭᠠᠶᠢᠯᠠᠭᠴᠢ ᠠᠵᠣ ᠠᠬᠤᠶᠢᠯᠠᠯ ᠢᠶᠠᠷ ᠳᠠᠮᠵᠢᠨ ᠳᠠᠶᠢᠴᠢᠯᠠᠯᠲᠠ ᠶᠢᠨ ᠬᠦᠴᠦᠨ ᠢ ᠪᠠᠳᠠᠷᠠᠭᠤᠯᠬᠤ ᠬᠡᠷᠡᠭᠲᠡᠢ︔ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠶᠡᠬᠡᠪᠡᠷ ᠬᠦᠭᠵᠢᠭᠦᠯᠦᠨ᠂ ᠲᠠᠷᠢᠶᠠᠯᠠᠩ ᠮᠠᠯ ᠠᠵᠣ ᠠᠬᠤᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠲᠠᠷᠢᠶᠠᠯᠠᠩ ᠤᠨ ᠬᠤᠷᠰᠢᠶᠠᠵᠢᠯ ᠢ ᠢᠳᠡᠪᠬᠢᠲᠡᠢ ᠬᠦᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠳᠡᠪᠬᠢᠲᠡᠢ ᠴᠢᠨᠠᠷ ᠢ ᠬᠦᠭᠵᠢᠭᠡᠵᠦ᠂ ᠶᠠᠳᠠᠭᠤ ᠬᠦᠴᠢᠷᠳᠡᠯᠲᠡᠢ ᠠᠷᠠᠳ ᠲᠤ ᠦᠨᠡᠨᠬᠦ ᠠᠰᠢᠭ ᠬᠦᠷᠲᠡᠭᠡᠵᠦ᠂ ᠡᠷᠲᠡᠬᠡᠨ ᠶᠠᠳᠠᠭᠤ ᠠᠴᠠ ᠠᠩᠭᠢᠵᠢᠷᠠᠭᠤᠯᠬᠤ ᠬᠡᠷᠡᠭᠲᠡᠢ ᠭᠡᠵᠡᠢ᠃      ᠹᠧᠩ ᠢᠥᠢ ᠵᠧᠨ ᠴᠢᠩᠭᠠᠳᠬᠠᠭᠰᠠᠨ ᠨᠢ᠂ ᠨᠠᠷᠢᠨ ᠬᠢᠨᠠᠮᠠᠭᠠᠢ ᠰᠣᠳᠣᠯᠵᠣ᠂ ᠨᠠᠷᠢᠯᠢᠭ ᠣᠨᠣᠪᠴᠢᠲᠠᠢ ᠲᠦᠯᠦᠪᠯᠡᠵᠦ᠂ ᠲᠦᠷᠥ ᠶᠢᠨ ᠪᠣᠳᠣᠯᠭ᠎ᠠ ᠶᠢᠨ ᠪᠠᠲᠣᠯᠠᠭ᠎ᠠ ᠶᠢ ᠰᠠᠶᠢᠲᠣᠷ ᠬᠢᠵᠦ᠂ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢᠨ ᠪᠠᠲᠣᠯᠠᠭ᠎ᠠ ᠶᠢ ᠴᠢᠩᠭᠠᠳᠬᠠᠵᠣ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠴᠢᠳᠠᠪᠣᠷᠢᠲᠠᠨ ᠤ ᠪᠠᠲᠣᠯᠠᠭ᠎ᠠ ᠵᠢᠴᠢ ᠵᠠᠬ᠎ᠠ ᠳᠡᠯᠭᠡᠭᠦᠷ ᠤᠨ ᠬᠤᠯᠪᠣᠯᠳᠣᠯ ᠤᠨ ᠪᠠᠲᠣᠯᠠᠭ᠎ᠠ ᠵᠡᠷᠭᠡ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠦᠢᠯᠡᠴᠢᠯᠡᠭᠡ ᠶᠢ ᠰᠠᠶᠢᠲᠣᠷ ᠬᠢᠵᠦ᠂ ᠬᠦᠳᠡᠭᠡ ᠲᠣᠰᠬᠤᠨ ᠤ ᠬᠦᠭᠵᠢᠯᠲᠡ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠳᠤ ᠪᠠᠲᠤ ᠪᠠᠬᠢ ᠰᠠᠭᠤᠷᠢ ᠶᠢ ᠲᠠᠯᠪᠢᠵᠣ ᠥᠭᠬᠦ ᠬᠡᠷᠡᠭᠲᠡᠢ ᠃ ᠶᠠᠳᠠᠭᠤ ᠬᠦᠴᠢᠷᠳᠡᠯᠲᠡᠢ ᠠᠷᠠᠳ ᠤᠨ ᠳᠣᠲᠣᠭᠠᠳᠣ ᠬᠦᠳᠡᠯᠭᠡᠬᠦ ᠬᠦᠴᠦᠨ ᠢ ᠬᠦᠭᠵᠢᠭᠡᠵᠦ᠂ ᠡᠮᠦᠨᠡᠬᠢ ᠶᠢᠨ ︽ᠨᠠᠮᠠᠶᠢ ᠪᠠᠶᠠᠵᠢᠭᠤᠯᠬᠤ︾ ᠶᠢ ᠬᠤᠪᠢᠷᠠᠭᠤᠯᠵᠣ ︽ ᠥᠪᠡᠷ ᠢᠶᠠᠨ ᠪᠠᠶᠠᠵᠢᠬᠤ︾ ᠪᠣᠯᠭᠠᠵᠣ᠂ ᠳᠠᠭᠠᠭᠠᠵᠣ ᠠᠪᠬᠤ ᠦᠭᠡᠢ᠂ ᠰᠢᠬᠠᠨ ᠲᠣᠯᠭᠠᠮᠳᠠᠭᠤᠯᠬᠤ ᠦᠭᠡᠢ᠂ ᠤᠯᠠᠨ ᠲᠦᠮᠡᠨ ᠳᠤ ᠦᠢᠯᠡᠴᠢᠯᠡᠨ ᠵᠢᠯᠣᠭᠤᠳᠴᠣ ᠵᠠᠬ᠎ᠠ ᠳᠡᠯᠭᠡᠭᠦᠷ ᠤᠨ ᠵᠢᠮ᠎ᠡ ᠬᠠᠣᠯᠢ ᠶᠢ ᠵᠢᠷᠣᠮᠯᠠᠭᠤᠯᠵᠣ᠂ ᠲᠦᠷᠥ ᠶᠢᠨ ᠪᠣᠳᠣᠯᠭ᠎ᠠ ᠢᠶᠠᠷ ᠬᠦᠰᠢᠭᠦᠷᠭᠡ ᠪᠣᠯᠭᠠᠬᠤ ᠪᠠᠷ ᠳᠠᠮᠵᠢᠵᠣ ᠲᠣᠭᠲᠠᠭᠤᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠬᠦ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠬᠤᠸᠠᠩ ᠵᠢᠢ ᠭᠠᠩ᠂  ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠦᠸᠧ  ᠯᠢᠨ᠂ ᠬᠤᠲᠠ ᠶᠢᠨ ᠲᠠᠷᠢᠶᠠᠴᠢᠨ ᠠᠵᠢᠯᠴᠢᠨ ᠤ ᠵᠥᠪᠯᠡᠯ ᠤᠨ ᠡᠷᠬᠢᠯᠡᠭᠴᠢ ᠶᠦᠨ ᠢᠦᠢ ᠲᠢᠩ᠂ ᠬᠤᠲᠠ ᠶᠢᠨ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠶᠢᠨ ᠳᠠᠷᠤᠭ᠎ᠠ ᠯᠢᠦ ᠶᠣᠸᠠᠢ ᠫᠢᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠰᠣᠶᠣᠯ᠂ ᠬᠤᠲᠠ ᠠᠴᠠ ᠰᠢᠶᠠᠨ ᠳᠤ ᠲᠣᠮᠢᠯᠠᠭᠰᠠᠨ ᠶᠠᠳᠠᠭᠤ ᠠᠴᠠ ᠠᠩᠭᠢᠵᠢᠷᠠᠭᠤᠯᠵᠣ ᠪᠣᠭᠤᠮᠲᠠ ᠰᠢᠪᠲᠣᠯᠬᠤ ᠰᠢᠮᠳᠠᠭᠤᠯᠣᠨ ᠪᠠᠶᠢᠴᠠᠭᠠᠬᠤ ᠳᠣᠭᠤᠶᠢᠯᠠᠩ ᠤᠨ ᠳᠣᠭᠤᠶᠢᠯᠠᠩ ᠤᠨ ᠳᠠᠷᠤᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢ ᠵᠧᠩ ᠾᠥᠩ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ  ᠬᠢᠭᠡᠳ ᠬᠤᠲᠠ ᠂ ᠰᠢᠶᠠᠨ ᠤ ᠬᠤᠯᠪᠣᠭᠳᠠᠯ ᠪᠦᠬᠦᠢ ᠪᠠᠶᠢᠭᠤᠯᠭ᠎ᠠ ᠵᠢᠴᠢ ᠰᠢᠶᠠᠩ ᠪᠠᠯᠭᠠᠰᠣᠨ ᠤ ᠬᠠᠷᠢᠭᠤᠴᠠᠯᠭᠠᠲᠠᠨ᠂ ᠬᠠᠪᠰᠣᠷᠣᠨ ᠲᠡᠳᠬᠦᠵᠦ ᠪᠠᠶᠢᠭ᠎ᠠ ᠠᠵᠣ ᠠᠬᠤᠶᠢᠯᠠᠯ ᠤᠨ ᠲᠦᠯᠦᠭᠡᠯᠡᠭᠴᠢ ᠪᠠᠶᠢᠴᠠᠭᠠᠨ ᠰᠣᠳᠣᠯᠣᠯᠲᠠ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号