ᠬᠤᠳᠠ ᠶᠢᠨ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠬᠤᠷᠢᠨᠭᠡᠷ ᠰᠢᠶᠠᠨ ᠳᠤ ᠭᠦᠨᠵᠡᠭᠡᠶᠢᠷᠡᠵᠦ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠶᠡᠭᠡ ᠰᠣᠷᠪᠣᠯᠵᠢᠯᠠᠭ᠎ᠠ᠂ ᠶᠡᠭᠡ ᠪᠠᠶᠢᠴᠠᠭᠠᠨ ᠰᠤᠳᠤᠯᠤᠯᠲᠠ᠂ ᠶᠡᠭᠡ ᠰᠢᠮᠳᠠᠭᠤᠯᠣᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2018-07-03
     ᠡᠯ᠎ᠡ ᠭᠠᠵᠠᠷ ᠣᠷᠣᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠠᠵᠢᠯ ᠢ ᠭᠦᠨᠵᠡᠭᠡᠢ ᠣᠶᠢᠯᠠᠭᠠᠵᠣ᠂ ᠤᠯᠠᠮ ᠨᠢᠭᠡ ᠠᠯᠬᠤᠮ ᠠᠰᠠᠭᠤᠳᠠᠯ ᠰᠢᠢᠳᠪᠦᠷᠢᠯᠡᠵᠦ᠂ ᠠᠵᠢᠯ ᠢᠶᠠᠨ ᠠᠬᠢᠭᠤᠯᠬᠤ ᠶᠢᠨ ᠲᠣᠰᠠᠳᠠ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠠᠰᠢᠭᠯᠠᠵᠤ ᠦᠢᠯᠡᠳᠦᠯᠭᠡ ᠪᠠᠨ ᠬᠥᠲᠥᠯᠥᠨ ᠵᠢᠯᠣᠭᠤᠳᠣᠭᠤᠯᠵᠣ᠂ ᠬᠤᠳᠠ ᠶᠢᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠪᠥᠬᠦ ᠰᠢᠰᠲ᠋ᠧᠮ ᠤᠨ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠶᠡᠭᠡ ᠰᠣᠷᠪᠣᠯᠵᠢᠯᠠᠭ᠎ᠠ᠂ ᠶᠡᠭᠡ ᠪᠠᠶᠢᠴᠠᠭᠠᠨ ᠰᠤᠳᠤᠯᠤᠯᠲᠠ᠂ ᠶᠡᠭᠡ ᠰᠢᠮᠳᠠᠭᠤᠯᠣᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ 6 ᠳ᠋ᠤᠭᠠᠷ ᠰᠠᠷ᠎ᠠ ᠶᠢᠨ 29 ᠤ ᠡᠳᠦᠷ᠂ ᠬᠤᠳᠠ ᠶᠢᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ ᠶᠠᠨ ᠯᠢᠨ ᠨᠠᠷ ᠬᠤᠷᠢᠨᠭᠡᠷ ᠰᠢᠶᠠᠨ ᠳᠤ ᠭᠦᠨᠵᠡᠭᠡᠶᠢᠷᠡᠨ ᠰᠤᠷᠪᠤᠯᠵᠢᠯᠠᠭ᠎ᠠ ᠬᠢᠵᠦ ᠪᠠᠶᠢᠴᠠᠭᠠᠨ ᠰᠣᠳᠣᠯᠵᠣ᠂ ᠰᠢᠶᠠᠨ ᠤ 2018 ᠣᠨ ᠤ ᠳᠡᠭᠡᠷ᠎ᠡ ᠬᠠᠭᠠᠰ ᠵᠢᠯ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠰᠣᠨᠣᠰᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠨᠢᠭᠡ ᠳᠤ᠂ ᠡᠨᠡ ᠵᠢᠯ ᠠᠴᠠ ᠨᠠᠰᠢᠬᠢ ᠠᠵᠢᠯ ᠢᠶᠠᠨ ᠳ᠋ᠦᠩᠨᠡᠨ ᠡᠷᠭᠢᠴᠡᠭᠦᠯᠵᠦ᠂ ᠲᠠᠷᠠᠭ᠎ᠠ ᠱᠠᠲᠤᠨ ᠤ ᠡᠭᠦᠷᠭᠡ ᠪᠠᠨ ᠤᠨᠢᠨ ᠳᠡᠭᠡᠷ᠎ᠡ ᠨᠢ ᠪᠠᠶᠢᠷᠢᠯᠠᠭᠤᠯᠵᠤ᠂ ᠪᠦᠬᠦ ᠲᠣᠪᠴᠢᠶᠠᠨ ᠤ ᠬᠢᠨ ᠢ ᠳᠠᠶᠢᠴᠢᠯᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠡᠷᠴᠢ ᠵᠣᠷᠢᠭ ᠢᠶᠠᠨ ᠳᠠᠬᠢᠨ ᠬᠥᠪᠴᠢᠯᠡᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠᠲᠠᠶ ᠪᠠᠷ ᠪᠡᠶᠡᠯᠡᠭᠦᠯᠬᠦ ᠶᠢ ᠦᠨᠡᠨᠬᠦ ᠪᠠᠲᠣᠯᠠᠬᠤ ᠬᠡᠷᠡᠭᠲᠡᠢ᠃ ᠬᠤᠶᠠᠷ ᠲᠤ᠂ ᠪᠠᠭ ᠢᠶᠠᠨ ᠰᠠᠶᠢᠲᠤᠷ ᠠᠳᠬᠤᠵᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠤᠳᠤᠷᠢᠳᠬᠤ ᠪᠠᠭ ᠤᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠳᠠᠭᠠᠭᠤᠯᠤᠭᠴᠢ ᠪᠣᠯᠭᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠢᠶᠠᠨ ᠨᠡᠮᠡᠭᠳᠡᠭᠦᠯᠵᠦ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠲᠥᠷᠢᠮ ᠢ ᠬᠢᠨᠠᠮᠠᠭᠠᠶ ᠭᠦᠢᠴᠡᠳᠬᠡᠵᠦ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号