ᠬᠤᠷᠢᠨᠭᠡᠷ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ︽ᠭᠤᠷᠪᠠᠨ ᠭᠠᠷᠳᠠᠴᠠ︾ ᠪᠠᠷ ᠳᠠᠮᠵᠢᠵᠣ᠂ ᠠᠮᠤ ᠪᠤᠳᠠᠭᠠᠨ ᠤ ᠭᠦᠢᠯᠭᠡᠭᠡᠨ ᠤ ᠠᠵᠢᠯ ᠤᠨ ᠬᠤᠷᠳᠤᠴᠠ ᠶᠢ ᠨᠡᠮᠡᠭᠳᠡᠭᠦᠯᠵᠦ ᠦᠷ᠎ᠡ ᠪᠦᠲᠦᠮᠵᠢ ᠤᠯᠬᠤ ᠶᠢ ᠠᠬᠢᠭᠤᠯᠵᠣ ᠪᠣᠢ
ᠨᠡᠶᠢᠲᠡᠯᠡᠭᠰᠡᠨ ᠴᠠᠭ᠄
2018-07-03
     ᠡᠨᠡ ᠵᠢᠯ ᠠᠴᠠ ᠨᠠᠰᠢ᠂ ᠬᠤᠷᠢᠨᠭᠡᠷ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠶᠢᠨ ᠠᠮᠤ ᠪᠤᠳᠠᠭᠠᠨ ᠤ ᠬᠠᠮᠢᠶᠠᠷᠤᠯᠲᠠ ᠶᠢᠨ ᠲᠥᠪ ︽ᠭᠤᠷᠪᠠᠨ ᠭᠠᠷᠳᠠᠴᠠ︾ ᠶᠢ ᠬᠡᠷᠡᠭᠵᠢᠭᠦᠯᠵᠦ᠂ ᠪᠦᠬᠦ ᠬᠦᠴᠦ ᠪᠠᠷ ᠢᠶᠠᠨ ᠠᠮᠤ ᠪᠤᠳᠠᠭᠠᠨ ᠤ ᠭᠦᠢᠯᠭᠡᠭᠡᠨ ᠤ ᠠᠵᠢᠯ ᠤᠨ ᠬᠤᠷᠳᠤᠴᠠ ᠶᠢ ᠨᠡᠮᠡᠭᠳᠡᠭᠦᠯᠵᠦ ᠦᠷ᠎ᠡ ᠪᠦᠲᠦᠮᠵᠢ ᠤᠯᠬᠤ ᠶᠢ ᠠᠬᠢᠭᠤᠯᠣᠭᠰᠠᠨ ᠪᠠᠶᠢᠨ᠎ᠠ᠃ ᠨᠢᠭᠡ ᠳᠤ᠂ ᠠᠮᠤ ᠪᠤᠳᠠᠭ᠎ᠠ ᠬᠤᠳᠠᠯᠳᠤᠨ ᠠᠪᠬᠤ ᠶᠢ ᠪᠦᠬᠦ ᠬᠦᠴᠦᠨ ᠢᠶᠠᠷ ᠰᠠᠶᠢᠲᠤᠷ ᠭᠠᠷᠳᠠᠨ ᠠᠳᠬᠤᠵᠤ᠂ ᠠᠮᠤ ᠪᠤᠳᠠᠭᠠᠨ ᠤ ᠬᠤᠷᠸ᠎ᠠ ᠲᠣᠬᠢᠷᠠᠭᠤᠯᠣᠯᠲᠠ ᠶᠢ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠣᠯᠠᠬᠤ ᠴᠢᠳᠠᠪᠤᠷᠢ ᠶᠢ ᠨᠡᠮᠡᠭᠳᠡᠭᠦᠯᠵᠦ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠨ ᠡᠳ᠋ᠰᠢᠭᠦᠯᠬᠦ᠂ ᠬᠠᠳᠠᠭᠠᠯᠠᠵᠤ ᠵᠥᠭᠡᠭᠡᠪᠦᠷᠢᠯᠡᠬᠦ᠂ ᠬᠦᠷᠭᠡᠬᠦ ᠶᠢ ᠴᠢᠩᠭᠠᠳᠬᠠᠵᠤ᠂ ᠬᠠᠩᠭᠠᠬᠤ ᠭᠠᠵᠠᠷ ᠤᠨ ᠬᠠᠮᠢᠶᠠᠷᠣᠯᠲᠠ ᠶᠢ ᠴᠦ ᠴᠢᠩᠭᠠᠳᠬᠠᠭᠰᠠᠨ ᠪᠠᠶᠢᠨ᠎ᠠ︔ ᠬᠤᠶᠠᠷ ᠲᠤ ︽ᠴᠢᠨᠠᠷ ᠰᠠᠶᠢᠲᠠᠶ ᠠᠮᠤ ᠪᠣᠳᠠᠭᠠᠨ ᠤ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠥᠪᠥᠷ ᠮᠣᠩᠭᠤᠯ ᠤᠨ ᠾᠧ ᠱᠦᠨ ᠲᠠᠷᠢᠶᠠᠯᠠᠩ ᠤᠨ ᠦᠢᠯᠡᠰ ᠤᠨ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠷᠢᠨᠭᠡᠷ ᠰᠢᠶᠠᠨ ᠤ ᠠᠮᠤ ᠪᠤᠳᠠᠭ᠎ᠠ ᠶᠢᠨ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡᠨ ᠤ ᠲᠥᠪ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠡᠳᠡᠭᠦᠯᠬᠦ ᠶᠢ ᠬᠦᠴᠦᠲᠡᠶ ᠳᠡᠮᠵᠢᠵᠦ᠂ ᠥᠪᠥᠷ ᠮᠣᠩᠭᠤᠯ ᠤᠨ ᠸᠠᠨ ᠯᠢ ᠹᠦ᠋ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ︽ᠳᠤᠮᠳᠠᠳᠤ ᠤᠯᠤᠰ ᠤᠨ ᠰᠠᠶᠢᠨ ᠠᠮᠤ ᠪᠣᠳᠠᠭ᠎ᠠ ᠢᠳᠡᠰᠢᠨ ᠲᠣᠰᠣ︾ ᠶᠢᠨ ᠦᠢᠯᠡᠳᠬᠦᠨ ᠢ ᠮᠡᠳᠡᠭᠦᠯᠬᠦ ᠶᠢ ᠢᠳᠡᠪᠬᠢᠲᠡᠢ ᠲᠠᠨᠢᠯᠴᠠᠭᠤᠯᠬᠤ ᠪᠣᠯᠣᠨ᠎ᠠ︔ ᠭᠤᠷᠪᠠ ᠳᠤ᠂ ᠠᠮᠤ ᠪᠤᠳᠠᠭᠠᠨ ᠤ ᠠᠮᠤᠷ ᠲᠦᠪᠰᠢᠨ ᠤ ᠰᠢᠶᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠡᠯ᠎ᠡ ᠵᠦᠢᠯ ᠤᠨ ᠪᠣᠳᠠᠲᠠᠶ ᠠᠵᠢᠯ ᠢ ᠰᠢᠯᠭᠠᠨ ᠬᠢᠨᠠᠬᠤ ᠶᠢ ᠯᠠᠪᠳᠠᠭᠤᠨ ᠪᠠᠲᠤᠲᠠᠶ ᠰᠠᠶᠢᠲᠤᠷ ᠭᠠᠷᠳᠠᠨ ᠬᠢᠵᠦ᠂ ᠬᠠᠷᠢᠭᠤᠴᠠᠯᠭ᠎ᠠ ᠶᠢᠨ ᠳᠥᠷᠢᠮ ᠤᠨ ᠡᠯ᠎ᠡ ᠵᠦᠢᠯ ᠤᠨ ᠡᠭᠦᠷᠭᠡ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠭᠦᠢᠯᠭᠡᠭᠡᠨ ᠤ ᠬᠢᠨᠠᠯᠲᠠ ᠬᠠᠮᠢᠶᠠᠷᠣᠯᠲᠠ ᠶᠢ ᠴᠢᠩᠭ᠎ᠠ ᠠᠳᠬᠤᠵᠤ᠂ ᠠᠮᠤ ᠪᠤᠳᠠᠭᠠᠨ ᠤ ᠲᠣᠭᠤᠷᠢᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠵᠤ᠂ ᠲᠤᠰᠬᠠᠶ ᠪᠠᠶᠢᠴᠠᠭᠠᠯᠲᠠ ᠬᠢᠬᠦ ᠶᠢ ᠢᠳᠡᠪᠬᠢᠲᠡᠶ ᠥᠷᠨᠢᠭᠦᠯᠵᠡᠢ᠃      ︽ᠭᠤᠷᠪᠠᠨ ᠭᠠᠷᠳᠠᠴᠠ︾ ᠶᠢᠨ ᠠᠵᠢᠯ ᠢ ᠥᠷᠨᠢᠭᠦᠯᠬᠦ ᠪᠠᠷ ᠳᠠᠮᠵᠢᠵᠣ᠂ ᠬᠤᠷᠢᠨᠭᠡᠷ ᠰᠢᠶᠠᠨ ᠤ ᠠᠮᠤ ᠪᠤᠳᠠᠭᠠᠨ ᠤ ᠭᠦᠢᠯᠭᠡᠭᠡᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠠᠭᠤᠷᠢ ᠶᠢ ᠤᠯᠠᠮ ᠨᠢᠭᠡ ᠠᠯᠬᠤᠮ ᠪᠠᠲᠣᠳᠬᠠᠵᠣ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃  
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号