ᠨᠠᠢᠮᠠᠳᠠᠭᠢ ᠬᠤᠭᠤᠴᠠᠭᠠᠨ ᠤ ᠲᠤᠮᠳᠠᠳᠤ ᠤᠯᠤᠰ • ᠬᠦᠬᠡᠬᠤᠳᠠ ᠶᠢᠨ ᠴᠦᠬᠡᠨ ᠲᠤᠭᠠᠳᠤ ᠦᠨᠳᠦᠰᠤᠳᠡᠨ ᠤ ᠰᠤᠶᠤᠯ ᠵᠢᠭᠤᠯᠴᠢᠯᠠᠯ ᠤᠨ ᠤᠷᠠᠯᠢᠭ ᠤᠨ ᠠᠵᠢᠯᠯᠠᠭ᠎ᠠ 7 ᠰᠠᠷ᠎ᠠ ᠶᠢᠨ 13 ᠤ ᠡᠳᠤᠷ ᠨᠡᠬᠡᠬᠡᠯᠳᠡ ᠪᠠᠨ ᠬᠢᠨ᠎ᠡ
ᠨᠡᠶᠢᠲᠡᠯᠡᠭᠰᠡᠨ ᠴᠠᠭ᠄
2018-07-03
      28 ᠤ ᠡᠳᠤᠷ ᠨᠠᠢᠮᠠᠳᠠᠭᠢ ᠬᠤᠭᠤᠴᠠᠭᠠᠨ ᠤ ᠲᠤᠮᠳᠠᠳᠤ ᠤᠯᠤᠰ • ᠬᠦᠬᠡᠬᠤᠳᠠ ᠶᠢᠨ ᠴᠦᠬᠡᠨ ᠲᠤᠭᠠᠳᠤ ᠦᠨᠳᠦᠰᠤᠳᠡᠨ ᠤ ᠰᠤᠶᠤᠯ ᠵᠢᠭᠤᠯᠴᠢᠯᠠᠯ ᠤᠨ ᠤᠷᠠᠯᠢᠭ ᠤᠨ ᠠᠵᠢᠯᠯᠠᠭᠠᠨ ᠤ ᠬᠡᠪᠯᠡᠯ ᠮᠡᠳᠡᠬᠡᠯᠡᠯ ᠤᠨ ᠬᠤᠷᠠᠯ ᠪᠡᠭᠡᠵᠢᠩ ᠳᠤ ᠵᠤᠬᠢᠶᠠᠨ ᠪᠠᠶᠢᠭᠤᠯᠤᠭᠳᠠᠵᠤ᠂ ᠲᠤᠰ ᠠᠵᠢᠯᠯᠠᠭ᠎ᠠ ᠶᠢ 7 ᠰᠠᠷ᠎ᠠ ᠶᠢᠨ 13 ᠤ ᠡᠳᠤᠷ ᠤᠨ 19᠄ 30 ᠴᠠᠭ ᠲᠤ ᠦᠪᠦᠷ ᠮᠣᠩᠭᠤᠯ  ᠤᠨ ᠠᠷᠠᠳ ᠤᠨ ᠬᠤᠷᠠᠯ ᠤᠨ ᠲᠠᠩᠬᠢᠮ ᠳᠤ ᠨᠡᠬᠡᠬᠡᠯᠳᠡ ᠬᠢᠬᠦ ᠪᠠᠷ ᠨᠡᠶᠢᠳᠡᠯᠡᠪᠡ᠃      ᠲᠤᠮᠳᠠᠳᠤ ᠤᠯᠤᠰ • ᠬᠦᠬᠡᠬᠤᠳᠠ ᠶᠢᠨ ᠴᠦᠬᠡᠨ ᠲᠤᠭᠠᠳᠤ ᠦᠨᠳᠤᠰᠦᠳᠡᠨ ᠤ ᠰᠤᠶᠤᠯ ᠵᠢᠭᠤᠯᠴᠢᠯᠠᠯ ᠤᠨ ᠤᠷᠠᠯᠢᠭ ᠤᠨ ᠠᠵᠢᠯᠯᠠᠭ᠎ᠠ 2011 ᠤᠨ ᠠᠴᠠ ᠡᠬᠢᠯᠡᠨ ᠵᠤᠬᠢᠶᠠᠨ ᠪᠠᠶᠢᠭᠤᠯᠤᠭᠳᠠᠵᠤ᠂ ᠨᠢᠬᠡᠨᠳᠡ 7 ᠳᠠᠬᠢ ᠬᠤᠭᠤᠴᠠᠭ᠎ᠠ ᠪᠠᠨ ᠠᠮᠵᠢᠯᠳᠠ ᠲᠠᠢ ᠶᠠᠪᠤᠭᠳᠠᠵᠠᠢ᠃ ᠲᠤᠰ ᠠᠵᠢᠯᠯᠠᠭ᠎ᠠ ᠪᠤᠯ ᠴᠦᠬᠡᠨ ᠲᠤᠭᠠᠳᠤ ᠦᠨᠳᠤᠰᠦᠳᠡᠨ ᠤ ᠰᠤᠶᠤᠯ ᠵᠢᠭᠤᠯᠴᠢᠯᠠᠯ ᠤᠨ ᠤᠷᠠᠯᠢᠭ ᠤᠨ ᠤᠯᠤᠰ ᠤᠨ ᠵᠡᠷᠬᠡᠯᠡᠯ ᠤᠨ ᠴᠤᠭᠯᠠᠭᠠᠨ ᠪᠤᠯᠬᠤ ᠪᠦᠭᠡᠳ ᠬᠦᠬᠡᠬᠤᠳᠠ ᠶᠢᠨ ᠰᠢᠯᠢᠳᠡᠭ ᠰᠤᠶᠤᠯ ᠤᠨ ᠠᠵᠢᠯᠯᠠᠭ᠎ᠠ ᠪᠤᠯᠤᠭᠰᠠᠨ ᠪᠠᠶᠢᠨ᠎ᠠ᠃      ᠲᠤᠰ ᠤᠳᠠᠭᠠᠨ ᠤ ᠤᠷᠠᠯᠢᠭ ᠤᠨ ᠠᠵᠢᠯᠯᠠᠭ᠎ᠠ ᠶᠢᠨ ᠨᠡᠬᠡᠬᠡᠯᠳᠡ ᠳᠤ ᠤᠷᠠᠨ ᠰᠠᠶᠢᠬᠠᠨ ᠤ ᠲᠤᠬᠯᠠᠯᠳᠠ᠂ ᠠᠶᠠᠯᠠᠯ ᠵᠢᠭᠤᠯᠴᠢᠯᠠᠯ ᠤᠨ ᠬᠡᠷᠡᠯ ᠵᠢᠷᠤᠭ᠂ ᠦᠨᠳᠤᠰᠦᠳᠡᠨ ᠤ ᠺᠢᠨᠣ᠋ ᠤᠷᠠᠯᠢᠭ ᠵᠡᠷᠬᠡ ᠤᠯᠠᠨ ᠠᠭᠤᠯᠭ᠎ᠠ ᠶᠢ ᠬᠠᠮᠤᠷᠤᠨ᠎ᠠ᠃
 
ᠢᠷᠡᠯᠲᠡ᠄ ᠬᠦᠬᠡᠬᠤᠳᠠ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号