ᠬᠦᠬᠡᠬᠤᠲᠠ ᠦᠨᠳᠦᠰᠦᠲᠠᠨ ᠤ ᠳᠡᠭᠡᠳᠦ ᠰᠤᠷᠭᠠᠭᠤᠯᠢ ᠶᠢᠨ ᠬᠦᠯ ᠪᠦᠮᠪᠦᠭᠡ ᠶᠢᠨ ᠪᠠᠬ ᠨᠢ ᠲᠠᠬᠢᠨᠳᠠ ᠲᠡᠷᠢᠭᠦᠯᠡᠪᠡ
ᠨᠡᠶᠢᠲᠡᠯᠡᠭᠰᠡᠨ ᠴᠠᠭ᠄
2018-07-03
      6 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨᠠᠬᠢ 5᠄ 30 ᠴᠠᠬ ᠤᠨ ᠦᠶ᠎ᠡ ᠪᠠᠷ ᠬᠦᠬᠡᠨᠠᠭᠤᠷ ᠮᠤᠵᠢ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠦᠷᠢᠶᠡᠨ ᠠᠴᠠ ᠨᠢᠭᠡᠨ ᠪᠠᠶᠠᠷ ᠤᠨ ᠴᠢᠮᠡᠭᠡ ᠤᠯᠠᠮᠵᠢᠯᠠᠬᠳᠠᠬᠰᠠᠨ ᠢ ᠠᠳᠡ ᠲᠠ ᠪᠦᠬᠦᠨ ᠲᠠᠢ ᠬᠤᠪᠢᠶᠠᠯᠴᠠᠬᠤ ᠳᠤ ᠤᠷᠮᠠᠲᠠᠢ ᠪᠠᠶᠢᠨ᠎ᠠ᠃ 2017-2018 ᠤᠨ ᠤ ᠤᠯᠤᠰ ᠳᠠᠶᠠᠭᠠᠷ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠯᠢᠭ ᠤᠨ ᠲᠡᠮᠡᠴᠡᠭᠡᠨ ᠤ ᠶᠡᠭᠡ ᠳᠡᠭᠡᠳᠤ ᠰᠤᠷᠭᠠᠭᠤᠯᠢ ᠶᠢᠨ ᠡᠷᠡᠭᠲᠡᠢ ᠶᠢᠨ ᠬᠦᠯ ᠪᠦᠮᠪᠦᠭᠡ ᠶᠢᠨ ᠪᠠᠬ ᠤᠨ ᠲᠡᠮᠡᠴᠡᠭᠡᠨ ᠳᠠᠬᠢ ᠪᠠᠷᠠᠭᠤᠨ ᠬᠤᠶᠢᠲᠤ ᠪᠦᠰᠡ ᠶᠢᠨ ᠰᠢᠢᠳᠪᠦᠷᠢᠲᠤ ᠲᠡᠮᠡᠴᠡᠭᠡᠨ ᠳᠤ ᠬᠦᠬᠡᠬᠤᠲᠠ ᠦᠨᠳᠦᠰᠦᠲᠡᠨ ᠤ ᠳᠡᠭᠡᠳᠤ ᠰᠤᠷᠭᠠᠭᠤᠯᠢ ᠶᠢᠨ ᠬᠦᠯ ᠪᠦᠮᠪᠦᠭᠡ ᠶᠢᠨ ᠪᠠᠬ ᠨᠢ 3᠄ 1 ᠪᠠᠷ ᠰᠢᠨᠵᠢᠶᠠᠩ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠦᠯ ᠪᠦᠮᠪᠦᠭᠡ ᠶᠢᠨ ᠪᠠᠬ ᠢ ᠢᠯᠠᠵᠦ᠂ ᠪᠠᠷᠠᠭᠤᠨ ᠬᠤᠶᠢᠲᠤ ᠪᠦᠰᠡ ᠶᠢ ᠳᠠᠬᠢᠨᠲᠠ ᠨᠤᠶᠠᠷᠬᠠᠯ᠎ᠠ᠃      ᠲᠤᠰ ᠤᠳᠠᠭᠠᠨ ᠤ ᠲᠡᠮᠡᠴᠡᠭᠡᠨ ᠳᠤ ᠦᠪᠦᠷ ᠮᠤᠩᠭᠤᠯ᠂ ᠱᠠᠨ ᠰᠢ᠂ ᠱᠠᠨᠰᠢ᠂ ᠭᠠᠨᠰᠦ᠂ ᠨᠢᠩᠰᠢᠶᠠ᠂ ᠬᠦᠬᠡᠨᠠᠭᠤᠷ᠂ ᠰᠢᠨᠵᠢᠶᠠᠩ᠂ ᠲᠦᠪᠡᠳ ᠪᠤᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ 9 ᠮᠤᠵᠢ ᠤᠷᠤᠨ ᠤ 16 ᠲᠦᠯᠦᠭᠡᠯᠡᠬᠦ ᠪᠠᠬ ᠤᠷᠤᠯᠴᠠᠵᠦ᠂ ᠦᠪᠦᠷ ᠮᠤᠩᠭᠤᠯ ᠠᠴᠠ ︽ᠲᠡᠷᠢᠭᠦᠯᠡᠭᠴᠢ ᠴᠤᠮᠤ︾ ᠳᠤ ᠲᠡᠷᠢᠭᠦᠨ ᠳᠡᠳ᠋ ᠢᠶᠠᠷ ᠲᠤᠳᠤᠷᠠᠬᠰᠠᠨ ᠬᠦᠬᠡᠬᠤᠲᠠ ᠦᠨᠳᠦᠰᠦᠲᠡᠨ ᠤ ᠳᠡᠭᠡᠳᠤ ᠰᠤᠷᠭᠠᠭᠤᠯᠢ ᠶᠢᠨ ᠬᠦᠯ ᠪᠦᠮᠪᠦᠭᠡ ᠶᠢᠨ ᠪᠠᠬ ᠪᠤᠯᠤᠨ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠦᠯ ᠪᠦᠮᠪᠦᠭᠡ ᠶᠢᠨ ᠪᠠᠬ ᠦᠪᠦᠷ ᠮᠤᠩᠭᠤᠯ ᠢ ᠲᠦᠯᠦᠭᠡᠯᠡᠨ ᠤᠷᠤᠯᠴᠠᠵᠠᠢ᠃      ᠪᠠᠶᠠᠷᠯᠠᠭᠤᠰᠢᠲᠠᠢ ᠨᠢ ᠦᠪᠦᠷ ᠮᠤᠩᠭᠤᠯ ᠢ ᠲᠦᠯᠦᠭᠡᠯᠡᠨ ᠤᠷᠤᠯᠴᠠᠬᠰᠠᠨ ᠬᠤᠶᠠᠷ ᠪᠠᠬ ᠨᠢ ᠪᠦᠷ ᠡᠮᠦᠨ᠎ᠡ ᠲᠦᠷᠪᠡ ᠳᠤ ᠲᠤᠳᠤᠷᠠᠵᠦ᠂ ᠬᠠᠭᠠᠰ ᠰᠢᠢᠳᠪᠦᠷᠢᠲᠤ ᠲᠡᠮᠡᠴᠡᠭᠡᠨ ᠳᠤ ᠬᠦᠬᠡᠬᠤᠲᠠ ᠦᠨᠳᠦᠰᠦᠲᠡᠨ ᠤ ᠳᠡᠭᠡᠳᠤ ᠰᠤᠷᠭᠠᠭᠤᠯᠢ ᠨᠢ 2᠄ 1 ᠪᠠᠷ ᠬᠠᠭᠤᠴᠢᠨ ᠦᠷᠢᠰᠦᠯᠳᠦᠭᠴᠢ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠦᠯ ᠪᠦᠮᠪᠦᠭᠡ ᠶᠢᠨ ᠪᠠᠬ ᠢ ᠢᠯᠠᠵᠦ᠂ ᠰᠢᠢᠳᠪᠦᠷᠢᠲᠤ ᠲᠡᠮᠡᠴᠡᠭᠡᠨ ᠳᠤ 3᠄ 1 ᠪᠠᠷ ᠰᠢᠨᠵᠢᠶᠠᠩ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠦᠯ ᠪᠦᠮᠪᠦᠭᠡ ᠶᠢᠨ ᠪᠠᠬ ᠢ ᠢᠯᠠᠵᠦ ᠮᠠᠩᠯᠠᠶᠢᠯᠠᠵᠠᠢ᠃ ᠡᠶᠢᠨᠬᠦ ᠬᠦᠬᠡᠬᠤᠲᠠ ᠦᠨᠳᠤᠰᠦᠲᠡᠨ ᠤ ᠳᠡᠭᠡᠳᠤ ᠰᠤᠷᠭᠠᠭᠤᠯᠢ ᠬᠢᠭᠡᠳ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠦᠯ ᠪᠦᠮᠪᠦᠭᠡ ᠶᠢᠨ ᠪᠠᠬ ᠨᠢ ᠴᠦᠮ ᠡᠨᠡ ᠤᠨ ᠤ 7 ᠰᠠᠷ ᠎ᠠ ᠳᠤ ᠪᠤᠯᠬᠤ ᠤᠯᠤᠰ ᠳᠠᠶᠠᠭᠠᠷ ᠤᠨ ᠰᠢᠢᠳᠪᠦᠷᠢᠲᠤ ᠲᠡᠮᠡᠴᠡᠭᠡᠨ ᠳᠤ ᠦᠷᠢᠰᠦᠯᠳᠦᠬᠦ ᠡᠷᠬᠡ ᠶᠢ ᠤᠯᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号