ᠬᠦᠬᠡᠬᠤᠳᠠ ᠦᠨᠳᠤᠰᠦᠳᠡᠨ ᠤ ᠲᠡᠭᠡᠳᠤ ᠰᠤᠷᠭᠠᠭᠤᠯᠢ ᠳᠤ ᠤᠯᠠᠭᠠᠨᠮᠦ᠋ᠴᠢᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018/7/3
      6 ᠰᠠᠷ᠎ᠠ ᠶᠢᠨ 25 ᠤ ᠡᠳᠤᠷ᠂ ᠬᠦᠬᠡᠬᠤᠳᠠ ᠦᠨᠳᠤᠰᠦᠳᠡᠨ ᠤ ᠲᠡᠭᠡᠳᠤ ᠰᠤᠷᠭᠠᠭᠤᠯᠢ ᠶᠢᠨ ᠤᠯᠠᠭᠠᠨᠮᠦ᠋ᠴᠢᠷ ᠠᠯᠪᠠᠨ ᠶᠤᠰᠤᠭᠠᠷ ᠪᠠᠶᠢᠭᠤᠯᠤᠭᠳᠠᠪᠠ᠃      ᠬᠦᠬᠡᠬᠤᠳᠠ ᠦᠨᠳᠤᠰᠦᠳᠡᠨ ᠤ ᠲᠡᠭᠡᠳᠤ ᠰᠤᠷᠭᠠᠭᠤᠯᠢ ᠶᠢᠨ ᠤᠯᠠᠭᠠᠨᠮᠦ᠋ᠴᠢᠷ ᠤᠨ ᠠᠩᠬᠠᠨ ᠤ ᠪᠠᠭ ᠲᠤ 50 ᠬᠡᠰᠢᠬᠦᠨ ᠲᠠᠢ᠂ ᠲᠤᠰ ᠲᠡᠭᠡᠳᠤ ᠰᠤᠷᠭᠠᠭᠤᠯᠢ ᠶᠢᠨ ᠪᠠᠭᠰᠢ ᠰᠤᠷᠤᠭᠴᠢ ᠶᠢᠨ ᠲᠤᠮᠳᠠ ᠠᠴᠠ ᠰᠢᠯᠭᠠᠷᠠᠭᠤᠯᠤᠨ ᠰᠢᠯᠢᠵᠤ᠂ ᠬᠡᠰᠢᠬᠦᠨ ᠪᠦᠷᠢ ᠲᠠᠭᠤᠯᠠᠬᠤ᠂ ᠬᠦᠭᠵᠢᠮᠳᠡᠬᠦ᠂ ᠲᠤᠭᠯᠠᠬᠤ ᠪᠤᠯᠤᠨ ᠪᠦᠵᠢᠭᠯᠡᠬᠦ ᠵᠡᠷᠬᠡ ᠤᠯᠠᠨ ᠤᠷ᠎ᠠ ᠠᠪᠢᠶᠠᠰ ᠲᠠᠢ ᠭᠤᠤᠯᠯᠠᠬᠤ ᠬᠦᠴᠦᠨ ᠪᠤᠯᠤᠨ᠎ᠠ᠃ ᠤᠯᠠᠭᠠᠨᠮᠦ᠋ᠴᠢᠷ ᠪᠠᠶᠢᠭᠤᠯᠤᠭᠳᠠᠭᠰᠠᠨ ᠤ ᠲᠠᠷᠠᠭ᠎ᠠ ᠬᠡᠰᠢᠬᠦᠳ ᠡᠪᠤᠯ ᠵᠤᠨ ᠤ ᠠᠮᠠᠷᠠᠯᠳᠠ ᠪᠠᠷ ᠲᠦᠪᠯᠡᠷᠡᠨ ᠲᠤᠭᠯᠠᠯᠳᠠ ᠭᠠᠷᠭᠠᠵᠤ᠂ ᠡᠩ ᠤᠨ ᠦᠶ᠎ᠡ ᠳᠤ ᠪᠠᠨ ᠲᠠᠷᠠᠬᠠᠢ ᠦᠢᠯᠡᠴᠢᠯᠡᠬᠦ ᠶᠢ ᠤᠶᠠᠯᠳᠤᠭᠤᠯᠬᠤ ᠠᠷᠭ᠎ᠠ ᠪᠠᠷ ᠬᠦᠳᠡᠭᠡ ᠲᠤᠰᠬᠤᠨ ᠮᠠᠯᠵᠢᠬᠤ ᠤᠷᠤᠨ᠂ ᠨᠡᠶᠢᠬᠡᠮ ᠲᠤᠭᠤᠷᠢᠭ᠂ ᠰᠤᠷᠭᠠᠭᠤᠯᠢ᠂ ᠺᠤᠮᠫᠠᠨᠢ ᠳᠤ ᠬᠦᠷᠴᠦ ᠲᠤᠭᠯᠠᠯᠳᠠ ᠭᠠᠷᠭᠠᠨ ᠠᠷᠠᠳ ᠲᠦᠮᠡᠨ ᠳᠤ ᠪᠠᠶᠠᠷ ᠴᠡᠩᠬᠡᠯ ᠬᠦᠷᠬᠡᠬᠦ ᠶᠢᠨ ᠬᠠᠮᠳᠤ ᠨᠠᠮ ᠤᠨ ᠲᠠᠭᠤ ᠬᠤᠭᠤᠯᠠᠢ ᠪᠤᠯᠤᠨ ᠬᠠᠯᠠᠮᠵᠢ ᠶᠢ ᠬᠦᠷᠭᠡᠨ᠎ᠡ᠃      ᠦᠪᠦᠷ ᠮᠣᠩᠭᠤᠯ  ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠦᠢ ᠭᠠᠩ᠂ ᠬᠦᠬᠡᠬᠤᠳᠠ ᠦᠨᠳᠤᠰᠦᠳᠡᠨ ᠤ ᠲᠡᠭᠡᠳᠤ ᠰᠤᠷᠭᠠᠭᠤᠯᠢ ᠶᠢᠨ ᠤᠯᠠᠭᠠᠨᠮᠦ᠋ᠴᠢᠷ ᠢ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ᠂ ᠦᠨᠳᠤᠰᠦᠳᠡᠨ ᠤ ᠰᠤᠶᠤᠯ ᠢᠶᠠᠨ ᠰᠠᠶᠢᠳᠤᠷ ᠵᠠᠯᠭᠠᠮᠵᠢᠯᠠᠬᠤ ᠶᠢ ᠵᠤᠷᠢᠭᠵᠢᠭᠤᠯᠬᠤ ᠶᠢᠨ ᠬᠠᠮᠳᠤ ᠤᠷᠤᠨ ᠲᠠᠶᠠᠭᠠᠷ ᠴᠢᠨᠠᠭᠰᠢᠯᠠᠪᠠᠯ ᠤᠯᠤᠰ ᠲᠠᠶᠠᠭᠠᠷ ᠤᠨ ᠶᠡᠭᠡ ᠲᠡᠭᠡᠳᠤ ᠰᠤᠷᠭᠠᠭᠤᠯᠢ ᠳᠤ ᠤᠯᠠᠭᠠᠨᠮᠦ᠋ᠴᠢᠷ ᠤᠨ ᠲᠤᠭ ᠲᠠᠯᠪᠠᠭ᠎ᠠ ᠪᠠᠨ ᠨᠠᠮᠢᠷᠠᠭᠤᠯᠬᠤ ᠶᠢ ᠬᠦᠰᠡᠭᠰᠡᠨ ᠪᠠᠶᠢᠨ᠎ᠠ᠃
ᠢᠷᠡᠯᠲᠡ᠄ ᠦᠪᠦᠷ ᠮᠣᠩᠭᠤᠯ  ᠤᠨ ᠡᠳᠤᠷ ᠤᠨ ᠰᠤᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ