ᠦᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠵᠡᠮ ᠤᠨ ᠶᠠᠪᠤᠳᠠᠯ ᠤᠨ ᠶᠡᠭᠡ ᠠᠩᠭᠢ ᠶᠢᠨ | ᠠᠵᠢᠯᠲᠠᠨY304 ︵ᠬᠥᠬᠡᠬᠤᠲᠠ ᠵᠡᠭᠦᠨᠭᠠᠷ ᠵᠠᠮ ᠠᠴᠠ ᠵᠡᠭᠦᠨ ᠵᠠᠯᠠᠨ ᠠᠶᠢᠯ ᠬᠦᠷᠲᠡᠯ᠎ᠡ︶ ᠵᠠᠮ ᠤᠨ ᠬᠡᠰᠡᠭ ᠢ | ᠴᠠᠭᠳᠠᠨ ᠪᠠᠶᠢᠴᠠᠭᠠᠬᠤ ᠶᠠᠪᠤᠴᠠ ᠳᠤ᠂ ᠡᠯᠡᠰᠦ ᠴᠢᠯᠠᠭᠤ ᠸᠠᠭᠠᠷ ᠤᠨ ᠬᠡᠮᠬᠡᠷᠬᠡᠢ ᠰᠠᠴᠤᠭᠰᠠᠨᠦᠵᠡᠭᠳᠡᠯ ᠢ ᠣᠯᠵᠤ | ᠮᠡᠳᠡᠪᠡ᠃ ᠡᠨᠡ ᠪᠠᠶᠢᠳᠠᠯ ᠳᠤ ᠴᠢᠭᠯᠡᠭᠦᠯᠦᠨ ᠠᠵᠢᠯᠲᠠᠨ ᠱᠠᠭᠠᠷᠳᠠᠯᠭ᠎ᠠ ᠶᠣᠰᠣᠭᠠᠷ ᠠᠵᠢᠯᠯᠠᠭᠰᠠᠨ ᠦᠭᠡᠢ ᠮᠠᠰᠢᠨ | ᠲᠡᠷᠭᠡ ᠶᠢ ᠴᠠᠭ ᠲᠤᠬᠠᠶ ᠳᠤᠨᠢ ᠴᠡᠭᠴᠡᠯᠡᠨ ᠵᠠᠰᠠᠵᠤ᠂ ᠵᠠᠮ ᠳᠡᠭᠡᠷ᠎ᠡ ᠠᠮᠤᠷ ᠲᠦᠪᠰᠢᠨ ᠠᠶᠠᠯᠠᠨ ᠶᠠᠪᠤᠬᠤ ᠶᠢ | ᠪᠠᠲᠤᠯᠠᠪᠠ᠃ ᠵᠠᠰᠠᠮᠠᠯ ᠵᠠᠮ ᠢ ᠴᠠᠭᠳᠠᠨ ᠪᠠᠶᠢᠴᠠᠭᠠᠬᠤ ᠳᠤᠮᠳᠠ᠂ ᠠᠵᠢᠯᠲᠠᠨ ᠲᠣᠪᠴᠢ ᠲᠤᠰᠬᠤᠨ ᠤ ᠵᠡᠭᠦᠨ | ᠠᠮᠠ ᠶᠢᠨ 100 ᠮᠧᠲᠷ ᠤᠨ ᠭᠠᠵᠠᠷ ᠲᠤ ᠶᠡᠭᠡ ᠬᠡᠮᠵᠢᠶᠡᠨ ᠤ ᠪᠠᠷᠢᠯᠭ᠎ᠠ ᠶᠢᠨ ᠬᠤᠭ ᠨᠣᠪᠰᠢ ᠣᠪᠣᠭᠠᠯᠠᠵᠤ | ᠪᠠᠶᠢᠬᠤ ᠶᠢ ᠮᠡᠳᠡᠵᠦ᠂ ᠲᠡᠷᠭᠡ ᠬᠡᠪ ᠶᠣᠰᠣᠭᠠᠷ ᠶᠠᠪᠤᠬᠤ ᠪᠠ ᠶᠠᠪᠠᠭᠠᠨ ᠬᠥᠮᠦᠨ ᠶᠠᠪᠤᠵᠤ ᠰᠠᠭᠤᠬᠤ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠵᠠᠰᠠᠮᠠᠯ ᠵᠠᠮ ᠤᠨ ᠬᠡᠰᠡᠭ ᠲᠤ ᠳᠠᠷᠤᠶ ᠲᠦᠷᠭᠡᠨ ᠮᠡᠳᠡᠭᠳᠡᠵᠦ᠂ ᠵᠠᠰᠠᠮᠠᠯ | ᠵᠠᠮ ᠤᠨ ᠬᠡᠰᠡᠭ ᠠᠴᠢᠶᠠᠯᠠᠬᠤ ᠮᠠᠰᠢᠨ ᠬᠦᠯᠦᠰᠦᠯᠡᠵᠦ᠂ ᠭᠤᠷᠪᠠᠨ ᠴᠠᠭ ᠬᠡᠷᠡᠭᠯᠡᠨ ᠪᠠᠷᠢᠯᠭ᠎ᠠ ᠶᠢᠨ ᠬᠤᠭ ᠨᠣᠪᠰᠢ ᠶᠢ | ᠴᠡᠪᠡᠷᠯᠡᠨ ᠠᠷᠢᠯᠭᠠᠵᠤ᠂ ᠵᠠᠮ ᠤᠨ ᠰᠠᠭᠠᠳ ᠦᠭᠡᠶ ᠨᠡᠪᠲᠡᠷᠡᠨ ᠠᠮᠤᠷ ᠲᠦᠪᠰᠢᠨ ᠪᠠᠶᠢᠬᠤ ᠶᠢ ᠪᠠᠲᠤᠯᠠᠪᠠ᠃ |