| | | ᠦᠢᠯᠡᠴᠢᠯᠡᠭᠡᠨ ᠤ ᠦᠢᠯᠡᠰ ᠲᠦᠪᠯᠡᠷᠡᠭᠰᠡᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠦᠢᠯᠡᠴᠢᠯᠡᠭᠡᠨ ᠤ ᠦᠢᠯᠡᠰ ᠲᠦᠪᠯᠡᠷᠡᠭᠰᠡᠨ ᠭᠠᠵᠠᠷ ᠤᠨ ᠬᠥᠭᠵᠢᠯᠲᠡ ᠶᠢᠨ ᠣᠳᠣᠬᠢ ᠪᠠᠶᠢᠳᠠᠯ ᠢ | ᠤᠯᠠᠮ ᠨᠢᠭᠡ ᠠᠯᠬᠤᠮ ᠤᠶᠢᠯᠠᠭᠠᠨ᠂ ᠣᠨᠴᠠᠯᠢᠭ ᠢᠶᠠᠷ ᠢᠯᠡ ᠲᠣᠳᠣ᠂ ᠴᠢᠳᠠᠮᠵᠢ ᠨᠢ ᠪᠦᠷᠢᠨ ᠲᠡᠭᠦᠯᠳᠡᠷ᠂ | ᠪᠠᠶᠢᠷᠢᠰᠢᠯ ᠨᠢ ᠵᠦᠢ ᠵᠣᠬᠢᠰᠲᠠᠶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠪᠯᠡᠷᠡᠭᠰᠡᠨ ᠭᠠᠵᠠᠷ ᠢ | ᠲᠦᠷᠭᠡᠪᠴᠢᠯᠡᠨ ᠪᠠᠶᠢᠭᠤᠯᠤᠨ᠎ᠠ᠃ 7ᠳ᠋ᠤᠭᠠᠷ ᠰᠠᠷ᠎ᠠ ᠶᠢᠨ 25 ᠤ ᠡᠳᠦᠷ᠂ ᠬᠥᠬᠡᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠤᠨ ᠦᠢᠯᠡᠴᠢᠯᠡᠭᠡᠨ ᠤ ᠦᠢᠯᠡᠰ ᠤᠨ ᠲᠠᠰᠤᠭ ᠤᠨ ᠲᠠᠪᠤᠨ ᠬᠥᠮᠦᠨ ᠮᠠᠨ ᠤ | ᠲᠣᠭᠤᠷᠢᠭ ᠤᠨ ᠮᠸᠢ ᠲᠦᠩ ᠠᠷᠠᠯᠵᠢᠶ᠎ᠠ ᠬᠤᠳᠠᠯᠳᠤᠭᠠᠨ ᠤ ᠴᠢᠳᠠᠮᠵᠢ ᠶᠢᠨ ᠲᠦᠪᠯᠡᠷᠡᠭᠰᠡᠨ ᠭᠠᠵᠠᠷ᠂ ᠮᠣᠩᠭᠤᠯ ᠬᠡᠪ | ᠵᠠᠩᠰᠢᠯ ᠤᠨ ᠬᠦᠷᠢᠶᠡᠯᠡᠩ ᠤᠨ ᠵᠢᠭᠤᠯᠴᠢᠯᠠᠯ ᠰᠡᠯᠡᠭᠦᠴᠡᠯ ᠤᠨ ᠲᠦᠪᠯᠡᠷᠡᠭᠰᠡᠨ ᠭᠠᠵᠠᠷ᠂ ᠶᠡᠭᠡ ᠵᠣᠣ ᠰᠣᠶᠣᠯ ᠤᠨ | ᠠᠵᠤ ᠦᠢᠯᠡᠰ ᠤᠨ ᠲᠦᠪᠯᠡᠷᠡᠭᠰᠡᠨ ᠭᠠᠵᠠᠷ ᠲᠤ ᠲᠤᠬᠠᠶ ᠶᠢᠨ ᠭᠠᠵᠠᠷ ᠲᠤ ᠪᠠᠶᠢᠴᠠᠭᠠᠨ ᠰᠤᠳᠤᠯᠬᠤ ᠠᠵᠢᠯ ᠬᠢᠪᠡ᠃ | ᠲᠤᠰ ᠤᠳᠠᠭ᠎ᠠ ᠭᠤᠤᠯᠳᠠᠭᠤ ᠲᠦᠪᠯᠡᠷᠡᠭᠰᠡᠨ ᠭᠠᠵᠠᠷ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ᠂ ᠲᠤᠭ᠎ᠠ | ᠪᠠᠷᠢᠮᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ᠂ ᠲᠥᠪᠯᠡᠷᠡᠭᠰᠡᠨ ᠭᠠᠵᠠᠷ ᠤᠨ ᠦᠢᠯᠡᠴᠢᠯᠡᠭᠡᠨ ᠤ | ᠲᠠᠪᠴᠠᠩ᠂ ᠲᠥᠪᠯᠡᠷᠡᠭᠰᠡᠨ ᠭᠠᠵᠠᠷ ᠤᠨ ᠪᠦᠬᠦᠯᠢ ᠴᠣᠭᠴᠠ ᠶᠢᠨ ᠠᠵᠢᠯᠯᠠᠭ᠎ᠠ ᠶᠢᠨ ᠬᠠᠮᠢᠶᠠᠷᠤᠯᠲᠠ᠂ ᠬᠥᠭᠵᠢᠯᠲᠡ ᠶᠢᠨ | ᠬᠡᠪ ᠵᠠᠭᠪᠤᠷ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃ ᠶᠠᠷᠢᠯᠴᠠᠬᠤ ᠬᠤᠷᠠᠯ ᠳᠡᠭᠡᠷ᠎ᠡ ᠲᠥᠪᠯᠡᠷᠡᠭᠰᠡᠨ ᠭᠠᠵᠠᠷ ᠤᠨ | ᠬᠠᠷᠢᠭᠤᠴᠠᠯᠭᠠᠲᠠᠨ ᠲᠥᠪᠯᠡᠷᠡᠭᠰᠡᠨ ᠭᠠᠵᠠᠷ ᠤᠨ ᠭᠤᠣᠯᠳᠠᠯᠭ᠎ᠠ ᠲᠠᠢ ᠠᠵᠢᠯ ᠵᠢᠴᠢ ᠳᠠᠷᠠᠭᠠᠴᠢ ᠶᠢᠨ ᠠᠯᠬᠤᠮ ᠤᠨ | ᠬᠥᠭᠵᠢᠯᠲᠡ ᠶᠢᠨ ᠴᠢᠭᠯᠡᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠡᠭᠦᠨ ᠤ ᠬᠠᠮᠲᠤ ᠪᠠᠶᠢᠴᠠᠭᠠᠨ ᠰᠤᠳᠤᠯᠬᠤ | ᠳᠤᠭᠤᠶᠢᠯᠠᠩ ᠮᠠᠨ ᠤ ᠲᠤᠭᠤᠷᠢᠭ ᠤᠨ ᠦᠢᠯᠡᠴᠢᠯᠡᠭᠡᠨ ᠤ ᠦᠢᠯᠡᠰ ᠤᠨ ᠲᠦᠪᠯᠡᠷᠡᠭᠰᠡᠨ ᠭᠠᠵᠠᠷ ᠤᠨ ᠬᠥᠭᠵᠢᠯᠲᠡ ᠶᠢᠨ | ᠠᠵᠢᠯ ᠢ ᠶᠠᠪᠤᠭᠤᠯᠬᠤ ᠳᠤ ᠴᠢᠬᠤᠯᠠ ᠵᠢᠯᠣᠭᠤᠳᠬᠤ ᠰᠠᠨᠠᠯ ᠳᠤᠷᠠᠳᠪᠠ᠃ |