7 ᠳ᠋ᠤᠭᠠᠷ ᠰᠠᠷ᠎ᠠ ᠶᠢᠨ 23 ᠤ ᠡᠳᠤᠷ ᠤᠨ ᠦᠳᠡ ᠶᠢᠨ ᠬᠤᠶᠢᠨ᠎ᠠ᠂ ᠮᠧᠨ ᠲᠸᠤ ᠭᠸᠤ ᠲᠣᠭᠤᠷᠢᠭ ᠤᠨ | ᠬᠥᠮᠦᠨ ᠤ ᠬᠦᠴᠦᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠪᠣᠯᠤᠨ ᠦᠴᠦᠸᠠᠨ ᠰᠢᠶᠠᠨ ᠤ ᠬᠥᠮᠦᠨ ᠤ ᠬᠦᠴᠦᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠬᠦᠳᠡᠯᠮᠦᠷᠢ | ᠦᠢᠯᠡᠴᠢᠯᠡᠭᠡ ᠶᠢ ᠵᠣᠯᠭᠠᠭᠤᠯᠬᠤ ᠰᠠᠭᠤᠳᠠᠯ ᠤᠨ ᠬᠤᠷᠠᠯ ᠬᠤᠷᠠᠯᠳᠤᠪᠠ᠃ ᠬᠥᠬᠡᠬᠤᠲᠠ ᠶᠢᠨ ᠠᠵᠢᠯ ᠣᠯᠭᠤᠯᠲᠠ ᠶᠢᠨ | ᠲᠥᠪ᠂ ᠦᠴᠦᠸᠠᠨ ᠰᠢᠶᠠᠨ ᠤ ᠬᠦᠮᠦᠨ ᠤ ᠬᠦᠴᠦᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠦᠴᠦᠸᠠᠨ ᠰᠢᠶᠠᠨ | ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ᠂ ᠮᠧᠨ ᠲᠸᠤ ᠭᠸᠤ ᠲᠣᠭᠤᠷᠢᠭ ᠤᠨ | ᠬᠦᠮᠦᠨ ᠤ ᠬᠦᠴᠦᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠣᠯᠪᠠᠰᠤᠷᠠᠯ ᠤᠨ ᠬᠡᠯᠲᠡᠰ᠂ ᠠᠵᠢᠯ | ᠣᠯᠭᠤᠯᠲᠠ ᠶᠢᠨ ᠬᠡᠯᠲᠡᠰ᠂ ᠬᠦᠮᠦᠨ ᠤ ᠬᠦᠴᠦᠨ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠪ ᠤᠨ ᠬᠠᠷᠢᠭᠤᠴᠠᠯᠭᠠᠲᠠᠨ ᠵᠡᠷᠭᠡ ᠬᠥᠮᠦᠰ ᠬᠤᠷᠠᠯ ᠳᠤ ᠣᠷᠤᠯᠴᠠᠪᠠ᠃ ᠬᠤᠷᠠᠯ ᠳᠡᠭᠡᠷ᠎ᠡ ᠦᠴᠦᠸᠠᠨ ᠰᠢᠶᠠᠨ ᠤ | ᠬᠦᠮᠦᠨ ᠤ ᠬᠦᠴᠦᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠦᠴᠦᠸᠠᠨ ᠰᠢᠶᠠᠨ | ᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠬᠢᠴᠠ ᠵᠢᠴᠢ ᠣᠷᠤᠰᠢᠵᠤ ᠪᠠᠶᠢᠭ᠎ᠠ ᠠᠰᠠᠭᠤᠳᠠᠯ ᠤᠨ ᠲᠤᠬᠠᠢ | ᠬᠠᠷᠢᠭᠤ ᠮᠡᠳᠡᠭᠦᠯᠦᠯᠲᠡ ᠬᠢᠪᠡ᠃ ᠦᠴᠦᠸᠠᠨ ᠰᠢᠶᠠᠨ ᠤ ᠬᠡᠳᠤᠨ ᠣᠨᠴᠠᠯᠢᠭ ᠢ ᠵᠢᠭᠠᠵᠤ ᠭᠠᠷᠭᠠᠪᠠ: ᠨᠢᠭᠡ ᠳᠤ | ᠠᠭᠤᠯᠠᠷᠬᠠᠭ ᠣᠷᠤᠨ ᠢᠶᠠᠷ ᠭᠤᠣᠯᠯᠠᠵᠤ ᠲᠠᠯ᠎ᠠ ᠭᠠᠵᠠᠷ ᠴᠦᠬᠡᠨ︔ ᠬᠤᠶᠠᠷ ᠲᠤ ᠭᠠᠵᠠᠷ ᠠᠭᠤᠳᠠᠮ ᠴᠦ ᠴᠢᠨᠠᠷ ᠮᠠᠭᠤ︔ | ᠭᠤᠷᠪᠠ ᠳᠤ ᠬᠠᠬᠢᠷ ᠬᠦᠢᠲᠡᠨ ᠲᠤᠨᠳᠠᠰᠣ ᠴᠦᠬᠡᠨ︔ ᠳᠥᠷᠪᠡ ᠳᠤ ᠭᠠᠳᠠᠭᠰᠢ ᠶᠠᠪᠤᠭᠰᠠᠨ ᠬᠥᠮᠦᠨ ᠠᠮᠠ ᠣᠯᠠᠨ︔ | ᠲᠠᠪᠤ ᠳᠤ ᠠᠭᠤᠷᠬᠠᠢ ᠣᠯᠠᠨ ᠴᠦ ᠨᠡᠭᠡᠭᠡᠨ ᠠᠰᠢᠭᠯᠠᠬᠤ ᠳᠤ ᠬᠦᠴᠢᠷ︔ ᠵᠢᠷᠭᠤᠭ᠎ᠠ ᠳᠤ ᠬᠤᠲᠠ ᠠᠴᠠ ᠣᠶᠢᠷ᠎ᠠ ᠴᠦ | ᠠᠭᠤᠰᠤᠯᠴᠠᠬᠤ ᠳᠤ ᠬᠦᠴᠢᠷ᠃ ᠳᠡᠭᠡᠷ᠎ᠡ ᠳᠤᠷᠠᠳᠤᠭᠰᠠᠨ ᠠᠰᠢᠭ ᠦᠭᠡᠢ ᠡᠯᠧᠮᠧᠨ᠋ᠲ ᠠᠴᠠ ᠪᠣᠯᠤᠭᠠᠳ᠂ ᠦᠴᠦᠸᠠᠨ | ᠰᠢᠶᠠᠨ ᠤ ᠠᠵᠤ ᠦᠢᠯᠡᠰ ᠤᠨ ᠬᠥᠭᠵᠢᠯᠲᠡ ᠲᠡᠩᠴᠡᠭᠦᠷᠢ ᠦᠭᠡᠢ᠂ ᠠᠵᠤ ᠠᠬᠤᠢ ᠶᠢᠨ ᠬᠥᠭᠵᠢᠯᠲᠡ ᠬᠠᠷᠢᠴᠠᠩᠭᠤᠢ | ᠤᠳᠠᠭᠠᠨ ᠪᠠᠶᠢᠵᠤ ᠤᠯᠤᠰ ᠤᠨ ᠳᠡᠰ ᠤᠨ ᠶᠠᠳᠠᠭᠤ ᠶᠢ ᠲᠡᠳᠬᠦᠵᠤ ᠨᠡᠭᠡᠭᠡᠨ ᠬᠥᠭᠵᠢᠭᠦᠯᠬᠦ ᠴᠢᠬᠤᠯᠠ ᠰᠢᠶᠠᠨ ᠢᠶᠠᠷ | ᠲᠣᠭᠲᠠᠭᠠᠭᠳᠠᠵᠤ᠂ ᠬᠦᠬᠡᠬᠤᠲᠠ ᠶᠢᠨ ᠴᠣᠷ ᠤᠨ ᠭᠠᠭᠴᠠ ᠤᠯᠤᠰ ᠤᠨ ᠳᠡᠰ ᠤᠨ ᠶᠠᠳᠠᠭᠤ ᠬᠦᠴᠢᠷᠳᠡᠯᠲᠠᠢ ᠰᠢᠶᠠᠨ | ᠪᠣᠯᠪᠠ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠠᠯ᠎ᠠ ᠪᠠᠷ᠂ ᠣᠨᠴᠠᠭᠠᠶᠢᠯᠠᠨ 6 ᠳ᠋ᠤᠭᠠᠷ ᠰᠠᠷ᠎ᠠ ᠶᠢᠨ 5 ᠤ | ᠡᠳᠤᠷ ᠤᠨ ᠪᠡᠭᠡᠵᠢᠩ ᠥᠪᠦᠷ ᠮᠣᠩᠭᠤᠯ ᠤᠨ ᠬᠦᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠵᠣᠯᠭᠠᠯᠴᠠᠭ᠎ᠠ ᠶᠢᠨ | ᠳᠠᠷᠠᠭ᠎ᠠ᠂ ᠦᠴᠦᠸᠠᠨ ᠰᠢᠶᠠᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠤᠨ ᠰᠡᠳᠬᠢᠮᠵᠢ ᠪᠠᠨ | ᠰᠢᠨ᠎ᠡ ᠪᠠᠷ ᠵᠣᠬᠢᠴᠠᠭᠤᠯᠵᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠷᠪᠠᠨ ᠵᠣᠷᠪᠤᠰ ᠠᠷᠭ᠎ᠠ ᠠᠪᠴᠠᠯ ᠢ | ᠰᠣᠳᠤᠯᠤᠨ ᠲᠤᠭᠲᠠᠭᠠᠭᠰᠠᠨ ᠤ ᠬᠠᠮᠲᠤ ᠪᠥᠬᠦ ᠰᠢᠶᠠᠨ ᠤ ᠶᠠᠳᠠᠭᠤ ᠬᠦᠴᠢᠷᠳᠡᠯᠲᠠᠢ ᠬᠥᠮᠦᠨ ᠠᠮᠠ ᠶᠢᠨ ᠬᠦᠳᠡᠯᠮᠦᠷᠢ | ᠬᠦᠴᠦᠨ ᠤ ᠣᠳᠤᠬᠢ ᠪᠠᠶᠢᠳᠠᠯ᠂ ᠰᠢᠯᠵᠢᠨ ᠠᠵᠢᠯ ᠣᠯᠬᠤ ᠬᠦᠰᠡᠯ ᠡᠷᠡᠮᠡᠯᠵᠡᠯ᠂ ᠪᠣᠯᠪᠠᠰᠤᠷᠠᠯ ᠤᠨ ᠬᠦᠰᠡᠯ | ᠡᠷᠡᠮᠡᠯᠵᠡᠯ ᠤᠨ ᠲᠤᠬᠠᠢ ᠪᠠᠶᠢᠳᠠᠯ ᠢ ᠣᠶᠢᠯᠭᠠᠬᠤ ᠪᠠᠶᠢᠴᠠᠭᠠᠯᠲᠠ ᠬᠢᠪᠡ᠃ ᠰᠢᠶᠠᠩ ᠪᠠᠯᠭᠠᠰᠤ ᠵᠠᠰᠠᠭ ᠵᠠᠬᠢᠷᠭᠠᠨ ᠤ | ᠲᠤᠰᠬᠤᠨ ᠤ ᠬᠦᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠳᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ | ᠲᠥᠷᠦ ᠶᠢᠨ ᠪᠣᠳᠤᠯᠭ᠎ᠠ ᠶᠢᠨ ᠲᠤᠰᠬᠠᠢ ᠰᠡᠳᠤᠪᠲᠤ ᠪᠣᠯᠪᠠᠰᠤᠷᠠᠯ ᠬᠢᠵᠤ᠂ ᠳᠠᠷᠠᠭᠠᠴᠢ ᠶᠢᠨ ᠠᠵᠢᠯ ᠣᠯᠭᠤᠯᠲᠠ ᠪᠠᠷ | ᠶᠠᠳᠠᠭᠤ ᠶᠢ ᠲᠡᠳᠬᠦᠬᠦ ᠲᠥᠯᠦᠪᠯᠡᠭᠡ ᠪᠠ ᠮᠧᠨ ᠲᠸᠣ ᠭᠸᠤ ᠲᠣᠭᠤᠷᠢᠭ ᠤᠨ ᠬᠦᠮᠦᠨ ᠤ ᠬᠦᠴᠦᠨ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠳᠡᠮᠵᠢᠭᠰᠡᠨ ᠪᠠ ᠬᠠᠪᠰᠤᠷᠤᠭᠰᠠᠨ 8 ᠵᠦᠢᠯ ᠤᠨ ᠨᠠᠷᠢᠨ ᠳᠠᠩᠰᠠ ᠶᠢ ᠲᠤᠷᠠᠳᠴᠤ | ᠭᠠᠷᠭᠠᠪᠠ᠃ | ᠮᠧᠨ ᠲᠸᠣ ᠭᠸᠤ ᠲᠣᠭᠤᠷᠢᠭ ᠤᠨ ᠬᠥᠮᠦᠨ ᠤ ᠬᠦᠴᠦᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠪᠣᠯᠪᠠᠰᠤᠷᠠᠯ ᠤᠨ ᠬᠡᠯᠲᠡᠰ᠂ ᠠᠵᠢᠯ ᠣᠯᠭᠤᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠪ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠠᠴᠠ ᠦᠴᠦᠸᠠᠨ ᠰᠢᠶᠠᠨ ᠤ | ᠬᠥᠮᠦᠨ ᠤ ᠬᠦᠴᠦᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠷᠠᠳᠤᠭᠰᠠᠨ ᠬᠠᠪᠰᠤᠷᠤᠨ ᠲᠡᠳᠬᠦᠬᠦ | ᠵᠦᠢᠯᠡᠰ ᠤᠨ ᠨᠠᠷᠢᠨ ᠳᠠᠩᠰᠠ ᠶᠢᠨ ᠲᠤᠬᠠᠢ ᠵᠠᠳᠠᠯᠤᠨ ᠰᠣᠳᠤᠯᠤᠯᠲᠠ ᠬᠢᠵᠤ᠂ ᠭᠦᠢᠴᠡᠳ ᠶᠠᠷᠢᠯᠴᠠᠭᠰᠠᠨ ᠤ ᠰᠠᠭᠤᠷᠢᠨ | ᠳᠡᠭᠡᠷ᠎ᠡ ᠨᠢᠭᠡᠳᠦᠭᠡᠷ ᠪᠥᠯᠦᠭ ᠬᠠᠮᠵᠢᠯᠴᠠᠭᠠᠨ ᠤ ᠵᠦᠢᠯᠡᠰ ᠢ ᠲᠣᠬᠢᠷᠠᠯᠴᠠᠪᠠ᠃ | ︵1︶ ᠮᠧᠨ ᠲᠸᠣ ᠭᠸᠤ ᠲᠣᠭᠤᠷᠢᠭ ᠤᠨ ᠬᠥᠮᠦᠨ ᠤ ᠬᠦᠴᠦᠨ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠪᠣᠯᠪᠠᠰᠤᠷᠠᠯ ᠤᠨ ᠬᠡᠯᠲᠡᠰ ᠠᠵᠤ ᠠᠬᠤᠶᠢᠯᠠᠯ ᠪᠠ ᠵᠢᠯᠤᠭᠤᠳᠤᠭᠴᠢ ᠪᠠᠭᠰᠢ ᠶᠢ ᠵᠣᠬᠢᠶᠠᠨ ᠪᠠᠶᠢᠭᠤᠯᠵᠤ | ᠦᠴᠦᠸᠠᠨ ᠰᠢᠶᠠᠨ ᠳᠤ ᠢᠷᠡᠵᠤ ᠶᠠᠳᠠᠭᠤ ᠬᠦᠴᠢᠷᠳᠡᠯᠲᠠᠢ ᠬᠦᠳᠡᠯᠮᠦᠷᠢ ᠬᠦᠴᠤ ᠳᠤ ᠭᠠᠷ ᠢᠶᠠᠷ ᠨᠡᠬᠡᠬᠦ ᠮᠡᠷᠭᠡᠵᠢᠯ ᠪᠠ | ᠭᠡᠷ ᠪᠦᠯᠢ ᠶᠢᠨ ᠦᠢᠯᠡᠴᠢᠯᠡᠭᠡ ᠶᠢᠨ ᠲᠤᠬᠠᠢ ᠪᠣᠯᠪᠠᠰᠤᠷᠠᠯ ᠬᠢᠵᠤ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠲᠤ | ᠬᠦᠷᠢᠶᠡᠯᠡᠩ ᠵᠡᠷᠭᠡ ᠭᠠᠵᠠᠷ ᠢ ᠠᠰᠢᠭᠯᠠᠨ ᠶᠠᠳᠠᠭᠤ ᠶᠢ ᠲᠡᠳᠬᠦᠬᠦ ᠲᠠᠰᠤᠭ ᠪᠠᠶᠢᠭᠤᠯᠵᠤ᠂ ᠶᠠᠳᠠᠭᠤ ᠬᠦᠴᠢᠷᠳᠡᠯᠲᠠᠢ | ᠬᠥᠮᠦᠨ ᠠᠮᠠ ᠶᠢᠨ ᠭᠡᠷ ᠠᠴᠠ ᠪᠠᠨ ᠣᠶᠢᠷ᠎ᠠ ᠠᠵᠢᠯᠯᠠᠬᠤ ᠶᠢ ᠠᠬᠢᠭᠤᠯᠪᠠ᠃ | ︵2︶ ᠪᠠᠶᠢᠳᠠᠯ ᠢ ᠨᠢ ᠣᠶᠢᠯᠭᠠᠭᠠᠳ ᠲᠣᠭᠲᠠᠭᠠᠭᠰᠠᠨ ᠰᠢᠯᠵᠢᠨ ᠠᠵᠢᠯ ᠣᠯᠬᠤ ᠬᠦᠰᠡᠯ ᠡᠷᠡᠮᠡᠯᠵᠡᠯ ᠲᠠᠢ | ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠪᠠᠶᠢᠳᠠᠯ ᠳᠤ ᠬᠠᠨᠳᠤᠭᠤᠯᠤᠨ᠂ ᠠᠷᠭ᠎ᠠ ᠪᠥᠬᠦᠨ ᠢ ᠰᠦᠪᠡᠭᠴᠢᠯᠡᠵᠤ | ᠪᠠᠶᠢᠭᠠᠳ ᠶᠠᠳᠠᠭᠤ ᠬᠦᠴᠢᠷᠳᠡᠯᠲᠠᠢ ᠬᠥᠮᠦᠨ ᠠᠮᠠ ᠶᠢ ᠰᠢᠯᠵᠢᠭᠦᠯᠦᠨ ᠠᠵᠢᠯ ᠣᠯᠭᠤᠵᠣ᠂ ᠣᠨᠴᠠᠭᠠᠶᠢᠯᠠᠨ ᠶᠠᠳᠠᠭᠤ | ᠬᠦᠴᠢᠷᠳᠡᠯᠲᠠᠢ ᠭᠡᠷ ᠪᠦᠯᠢ ᠶᠢᠨ ᠣᠶᠤᠲᠠᠳ ᠲᠤ᠂ ᠲᠤᠰᠬᠠᠢ ᠮᠡᠷᠭᠡᠵᠢᠯ ᠢ ᠨᠢ ᠦᠨᠳᠦᠰᠦᠯᠡᠨ ᠲᠣᠬᠢᠷᠠᠮᠵᠢᠲᠠᠢ | ᠠᠵᠢᠯ ᠤᠨ ᠪᠠᠶᠢᠷᠢ ᠡᠷᠢᠵᠤ ᠥᠭᠭᠦᠨ᠎ᠡ᠃ | ︵3︶ 8 ᠳ᠋ᠤᠭᠠᠷ ᠰᠠᠷ᠎ᠠ ᠶᠢᠨ ᠡᠬᠢᠨ ᠢᠶᠠᠷ ᠮᠧᠨ ᠲᠸᠣ ᠭᠸᠤ ᠲᠣᠭᠤᠷᠢᠭ ᠤᠨ ᠬᠠᠮᠢᠶ᠎ᠠ ᠪᠦᠬᠦᠢ ᠠᠵᠤ | ᠠᠬᠤᠶᠢᠯᠠᠯ ᠢ ᠵᠣᠬᠢᠶᠠᠨ ᠪᠠᠶᠢᠭᠤᠯᠵᠤ ᠦᠴᠦᠸᠠᠨ ᠰᠢᠶᠠᠨ ᠳᠤ ᠶᠠᠳᠠᠭᠤ ᠬᠦᠴᠢᠷᠳᠡᠯᠲᠠᠢ ᠬᠦᠳᠡᠯᠮᠦᠷᠢ ᠬᠦᠴᠤ ᠳᠤ | ᠠᠵᠢᠯ ᠤᠨ ᠪᠠᠶᠢᠷᠢ ᠬᠠᠩᠭᠠᠬᠤ ᠬᠤᠷᠠᠯ ᠡᠷᠬᠢᠯᠡᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ | ᠦᠨᠳᠦᠰᠦᠯᠡᠨ ᠨᠡᠩ ᠣᠯᠠᠨ ᠶᠠᠳᠠᠭᠤ ᠬᠦᠴᠢᠷᠳᠡᠯᠲᠠᠢ ᠬᠦᠳᠡᠯᠮᠦᠷᠢ ᠬᠦᠴᠤ ᠳᠤ ᠠᠵᠢᠯ ᠣᠯᠭᠤᠪᠠ᠃ | ︵4︶ ᠮᠧᠨ ᠲᠸᠣ ᠭᠸᠤ ᠲᠣᠭᠤᠷᠢᠭ ᠤᠨ ᠬᠦᠮᠦᠨ ᠤ ᠬᠦᠴᠦᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠦᠢᠯᠡᠰ ᠪᠦᠲᠦᠭᠡᠬᠦ ᠲᠤᠷᠰᠢᠯᠭ᠎ᠠ ᠲᠠᠢ ᠵᠢᠯᠤᠭᠤᠳᠤᠭᠴᠢ ᠪᠠᠭᠰᠢ ᠶᠢ ᠦᠴᠦᠸᠠᠨ ᠰᠢᠶᠠᠨ ᠳᠤ ᠲᠣᠮᠢᠯᠠᠨ ᠦᠢᠯᠡᠰ | ᠪᠦᠲᠦᠭᠡᠬᠦ ᠶᠢ ᠵᠢᠯᠤᠭᠤᠳᠬᠤ ᠪᠣᠯᠪᠠᠰᠤᠷᠠᠯ ᠬᠢᠵᠤ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠦᠢᠯᠡᠰ ᠪᠦᠲᠦᠭᠡᠬᠦ | ᠤᠷᠮ᠎ᠠ ᠵᠣᠷᠢᠭ ᠢ ᠨᠢ ᠬᠥᠪᠴᠢᠯᠡᠵᠤ᠂ ᠦᠢᠯᠡᠰ ᠪᠦᠲᠦᠭᠡᠬᠦ ᠴᠢᠳᠠᠪᠤᠷᠢ ᠶᠢ ᠨᠢ ᠨᠡᠮᠡᠭᠳᠡᠭᠦᠯᠪᠡ᠃ | ᠵᠣᠯᠭᠠᠯᠴᠠᠭ᠎ᠠ ᠶᠢᠨ ᠳᠣᠮᠳᠠ ᠲᠠᠷᠢᠶᠠᠴᠢᠨ ᠡᠷᠦᠬᠡ ᠶᠢᠨ ᠦᠢᠯᠡᠰ ᠪᠦᠲᠦᠭᠡᠬᠦ ᠲᠥᠷᠦᠯ ᠵᠦᠢᠯ ᠢ ᠲᠣᠭᠤᠷᠢᠨ | ᠦᠵᠡᠪᠡ᠃ | |