ᠦᠴᠦᠸᠠᠨ ᠰᠢᠶᠠᠨ ᠤ 2018 ᠣᠨ ᠤ ᠢᠳᠡᠭᠡᠨ ᠤ ᠠᠮᠤᠷ ᠲᠥᠪᠰᠢᠨ ᠤ ᠤᠬᠠᠭᠤᠯᠭ᠎ᠠ ᠶᠢᠨ ᠭᠠᠷᠠᠭ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2018-07-31
   
   《ᠮᠤᠷᠠᠯ ᠢ ᠳᠡᠭᠡᠳᠦᠯᠡᠵᠤ ᠬᠠᠤᠯᠢ ᠶᠢ ᠰᠠᠬᠢᠬᠤ᠂ ᠢᠳᠡᠭᠡᠨ ᠤ ᠠᠮᠤᠷ ᠲᠥᠪᠰᠢᠨ ᠨᠢ ᠮᠠᠨ ᠤ ᠠᠮᠢᠳᠤᠷᠠᠯ ᠢ ᠨᠡᠩ ᠰᠠᠶᠢᠨ ᠰᠠᠶᠢᠬᠠᠨ ᠪᠤᠯᠭᠠᠬᠤ ᠶᠤᠮ》᠃ ᠪᠥᠬᠦ ᠨᠡᠶᠢᠭᠡᠮ ᠢ ᠲᠠᠶᠢᠴᠢᠯᠠᠵᠤ ᠢᠳᠡᠭᠡᠨ ᠤ ᠠᠮᠤᠷ ᠲᠥᠪᠰᠢᠨ ᠤ ᠠᠵᠢᠯ ᠢ ᠬᠠᠯᠠᠮᠵᠢᠯᠠᠵᠤ᠂ ᠳᠡᠮᠵᠢᠵᠤ᠂ ᠣᠷᠤᠯᠴᠠᠭᠤᠯᠵᠤ᠂ ᠢᠳᠡᠭᠡᠨ ᠤ ᠠᠮᠤᠷ ᠲᠥᠪᠰᠢᠨ ᠤ ᠰᠢᠨᠵᠢᠯᠡᠬᠦ ᠤᠬᠠᠭᠠᠨ ᠤ ᠮᠡᠳᠡᠯᠭᠡ ᠶᠢ ᠲᠥᠭᠡᠮᠡᠯᠵᠢᠭᠦᠯᠵᠤ᠂ ᠣᠯᠠᠨ ᠲᠥᠮᠡᠨ ᠤ ᠡᠷᠡᠭᠦᠯ ᠴᠢᠬᠢᠷᠠᠭ ᠢᠳᠡᠭᠡᠨ ᠤ ᠣᠶᠢᠯᠠᠭᠠᠭᠳᠠᠬᠤᠨ ᠢ ᠪᠣᠢ ᠪᠤᠯᠭᠠᠬᠤ ᠶᠢ ᠠᠬᠢᠭᠤᠯᠵᠤ᠂ ᠦᠢᠯᠡᠳᠪᠦᠷᠢᠯᠡᠯ ᠡᠵᠡᠩᠨᠡᠭᠴᠢ ᠶᠢᠨ ᠬᠠᠤᠯᠢ ᠶᠣᠰᠤᠭᠠᠷ ᠡᠵᠡᠩᠨᠡᠬᠦ ᠬᠠᠷᠢᠭᠤᠴᠠᠯᠭᠠᠲᠤ ᠤᠬᠠᠮᠰᠠᠷ ᠢ ᠳᠡᠭᠡᠭᠰᠢᠯᠡᠭᠦᠯᠵᠤ᠂ ᠬᠢᠨᠠᠨ ᠬᠠᠮᠢᠶᠠᠷᠤᠭᠴᠢ ᠶᠢᠨ ᠬᠠᠤᠯᠢ ᠶᠣᠰᠤᠭᠠᠷ ᠵᠠᠰᠠᠭ ᠶᠠᠪᠤᠭᠤᠯᠬᠤ ᠤᠬᠠᠮᠰᠠᠷ ᠢ ᠨᠡᠮᠡᠭᠳᠡᠭᠦᠯᠵᠤ᠂ ᠦᠴᠦᠸᠠᠨ ᠰᠢᠶᠠᠨ ᠤ ᠢᠳᠡᠭᠡᠨ ᠤ ᠠᠮᠤᠷ ᠲᠥᠪᠰᠢᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠦᠭᠡ᠂ 7 ᠳ᠋ᠤᠭᠠᠷ ᠰᠠᠷ᠎ᠠ ᠶᠢᠨ 30 ᠤ ᠡᠳᠤᠷ᠂ ᠦᠴᠦᠸᠠᠨ ᠰᠢᠶᠠᠨ 2018 ᠣᠨ ᠤ ᠢᠳᠡᠭᠡᠨ ᠤ ᠠᠮᠤᠷ ᠲᠥᠪᠰᠢᠨ ᠤ ᠤᠬᠠᠭᠤᠯᠭ᠎ᠠ ᠵᠢᠨ‌ᠭᠠᠷᠠᠭ ᠤᠨ ᠡᠬᠢᠯᠡᠯᠲᠡ ᠶᠢᠨ ᠶᠣᠰᠤᠯᠠᠯ ᠶᠠᠪᠤᠭᠳᠠᠭᠤᠯᠵᠤ᠂ ᠬᠥᠮᠦᠨ ᠪᠦᠬᠦᠨ ᠬᠠᠯᠠᠮᠵᠢᠯᠠᠨ ᠠᠩᠬᠠᠷᠤᠭᠰᠠᠨ᠂ ᠢᠳᠡᠭᠡᠨ ᠤ ᠠᠮᠤᠷ ᠲᠥᠪᠰᠢᠨ ᠢ ᠬᠠᠮᠠᠭᠠᠯᠠᠬᠤ ᠰᠠᠶᠢᠨ ᠠᠭᠤᠷ ᠠᠮᠢᠰᠬᠤᠯ ᠢ ᠪᠣᠢ ᠪᠣᠯᠭᠠᠪᠠ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠰᠢᠤᠢ ᠲᠢᠶᠠᠨ ᠫᠢᠩ ᠡᠬᠢᠯᠡᠯᠲᠡ ᠶᠢᠨ ᠶᠣᠰᠤᠯᠠᠯ ᠳᠤ ᠣᠷᠤᠯᠴᠠᠬᠤ ᠶᠢᠨ ᠬᠠᠮᠲᠤ ᠶᠠᠷᠢᠶ᠎ᠠ ᠲᠠᠯᠪᠢᠪᠠ᠃ ᠡᠯ᠎ᠡ ᠰᠢᠶᠠᠩ ᠪᠠᠯᠭᠠᠰᠤ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠰᠢᠶᠠᠨ ᠤ ᠢᠳᠡᠭᠡᠨ ᠪᠠ ᠡᠮ ᠤ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠤᠨ ᠨᠡᠶᠢᠭᠡᠮᠯᠢᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠵᠢᠭᠤᠯᠴᠢᠯᠠᠯ ᠤᠨ ᠲᠣᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠵᠢᠴᠢ ᠬᠡᠰᠡᠭ ᠪᠥᠯᠦᠭ ᠢᠳᠡᠭᠡᠨ ᠦᠢᠯᠡᠳᠪᠦᠷᠢᠯᠡᠵᠤ ᠡᠵᠡᠩᠨᠡᠵᠤ ᠪᠠᠶᠢᠭ᠎ᠠ ᠠᠵᠤ ᠠᠬᠤᠶᠢᠯᠠᠯ ᠤᠨ ᠲᠥᠯᠦᠭᠡᠯᠡᠭᠴᠢ ᠡᠬᠢᠯᠡᠯᠲᠡ ᠶᠢᠨ ᠶᠣᠰᠤᠯᠠᠯ ᠳᠤ ᠣᠷᠤᠯᠴᠠᠪᠠ᠃      ᠰᠢᠤᠢ ᠲᠢᠶᠠᠨ ᠫᠢᠩ ᠵᠢᠭᠠᠵᠤ ᠭᠠᠷᠭᠠᠭᠰᠠᠨ ᠨᠢ᠂ ᠢᠳᠡᠭᠡᠨ ᠤ ᠠᠮᠤᠷ ᠲᠥᠪᠰᠢᠨ ᠨᠢ ᠦᠷᠭᠡᠨ ᠣᠯᠠᠨ ᠠᠷᠠᠳ ᠲᠥᠮᠡᠨ ᠤ ᠪᠡᠶ᠎ᠡ ᠶᠢᠨ ᠡᠷᠡᠭᠦᠯ ᠴᠢᠬᠢᠷᠠᠭ ᠪᠠ ᠠᠮᠢ ᠨᠠᠰᠤᠨ ᠤ ᠠᠮᠤᠷ ᠲᠥᠪᠰᠢᠨ᠂ ᠨᠡᠶᠢᠭᠡᠮ ᠤᠨ ᠲᠣᠭᠲᠠᠭᠤᠨ ᠪᠥᠭᠡᠳ ᠵᠣᠬᠢᠴᠠᠩᠭᠤᠢ ᠬᠥᠭᠵᠢᠯᠲᠡ ᠳᠤ ᠬᠤᠯᠪᠤᠭᠳᠠᠨ᠎ᠠ᠂ ᠵᠠᠰᠠᠭ ᠤᠨ ᠣᠷᠳᠤᠨ ᠤ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠨᠢᠭᠡᠳᠦᠭᠡᠷ ᠬᠠᠷᠢᠭᠤᠴᠠᠯᠭ᠎ᠠ ᠪᠦᠬᠦᠢ ᠬᠦᠮᠦᠨ ᠤ ᠬᠠᠷᠢᠭᠤᠴᠠᠯᠭ᠎ᠠ ᠶᠢ ᠣᠯᠠᠮ ᠨᠢᠭᠡ ᠠᠯᠬᠤᠮ ᠴᠢᠩᠭᠠᠳᠬᠠᠵᠤ᠂ ᠦᠷᠭᠡᠨ ᠣᠯᠠᠨ ᠬᠡᠷᠡᠭᠯᠡᠭᠴᠢᠳ ᠤᠨ ᠢᠳᠡᠭᠡᠨ ᠤ ᠠᠮᠤᠷ ᠲᠥᠪᠰᠢᠨ ᠤ ᠤᠬᠠᠮᠰᠠᠷ ᠵᠢᠴᠢ ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠵᠤ᠂ ᠬᠥᠮᠦᠨ ᠪᠦᠬᠦᠨ ᠬᠠᠯᠠᠮᠵᠢᠯᠠᠨ ᠠᠩᠬᠠᠷᠤᠭᠰᠠᠨ᠂ ᠬᠦᠮᠦᠨ ᠪᠦᠭᠦᠳᠡ ᠣᠷᠤᠯᠴᠠᠭᠰᠠᠨ ᠢᠳᠡᠭᠡᠨ ᠤ ᠠᠮᠤᠷ ᠲᠥᠪᠰᠢᠨ ᠤ ᠨᠡᠶᠢᠭᠡᠮ ᠤᠨ ᠠᠭᠤᠷ ᠠᠮᠢᠰᠬᠤᠯ ᠢ ᠪᠣᠢ ᠪᠤᠯᠭᠠᠵᠤ᠂ ᠮᠠᠨ ᠤ ᠰᠢᠶᠠᠨ ᠤ ᠢᠳᠡᠭᠡᠨ ᠤ ᠠᠮᠤᠷ ᠲᠥᠪᠰᠢᠨ ᠤ ᠬᠢᠷᠢ ᠲᠥᠪᠰᠢᠨ ᠢ ᠥᠷᠬᠦᠯᠵᠢᠯᠡᠨ ᠳᠡᠭᠡᠭᠰᠢᠯᠡᠭᠦᠯᠬᠦ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号