| | | | | | | | | 7 ᠳ᠋ᠤᠭᠠᠷ ᠰᠠᠷ᠎ᠠ ᠶᠢᠨ 26 ᠤ ᠡᠳᠦᠷ᠂ ᠮᠠᠨ ᠤ ᠰᠢᠶᠠᠨ ᠲᠢᠶᠠᠨᠵᠢᠨ ᠤ ᠰᠢᠶᠤᠤ ᠸᠥ᠋ ᠣᠷᠴᠢᠨ ᠲᠣᠭᠤᠷᠢᠨ ᠢ | ᠬᠠᠮᠠᠭᠠᠯᠠᠬᠤ ᠢᠨᠵᠧᠨᠧᠷᠢᠩ ᠤᠨ ᠬᠢᠵᠠᠭᠠᠷᠲᠤ ᠺᠣᠮᠫᠠᠨᠢ ᠯᠤᠭ᠎ᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠠᠶᠤᠯ | ᠲᠠᠢ ᠬᠠᠶᠠᠭᠳᠠᠮᠠᠯ ᠪᠣᠳᠠᠰ ᠢ ᠲᠡᠭᠦᠰᠬᠡᠯ ᠳᠤ ᠨᠢ ᠰᠢᠢᠳᠪᠦᠷᠢᠯᠡᠬᠦ ᠲᠥᠪ ᠤᠨ ᠲᠥᠷᠥᠯ ᠵᠦᠢᠯ ᠤᠨ ᠬᠠᠮᠲᠤᠷᠠᠨ | ᠠᠵᠢᠯᠯᠠᠬᠤ ᠰᠠᠨᠠᠮᠵᠢ ᠶᠢ ᠲᠣᠬᠢᠷᠠᠯᠴᠠᠭᠰᠠᠨ ᠪᠥᠭᠡᠳ ᠭᠡᠷ᠎ᠡ ᠲᠣᠭᠲᠠᠬᠤ ᠶᠣᠰᠣᠯᠠᠯ ᠢ ᠶᠠᠪᠤᠭᠳᠠᠭᠤᠯᠪᠠ᠃ | ᠰᠢᠶᠠᠨ ᠤ ᠳᠡᠳ᠋ ᠳᠠᠷᠤᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠠᠵᠤ ᠠᠬᠤᠶ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠱᠢ ᠶᠦᠩ ᠫᠢᠩ ᠭᠠᠷ ᠤᠨ ᠦᠰᠦᠭ ᠵᠢᠷᠤᠬᠤ ᠶᠣᠰᠣᠯᠠᠯ ᠳᠤ | ᠣᠷᠣᠯᠴᠠᠭᠰᠠᠨ ᠪᠥᠭᠡᠳ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠲᠢᠶᠠᠨᠵᠢᠨ ᠤ ᠰᠢᠶᠤᠤ ᠸᠥ᠋ ᠣᠷᠴᠢᠨ | ᠲᠣᠭᠤᠷᠢᠨ ᠢ ᠬᠠᠮᠠᠭᠠᠯᠠᠬᠤ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ | ᠯᠤᠭ᠎ᠠ ᠬᠠᠮᠲᠤᠷᠠᠨ ᠠᠵᠢᠯᠯᠠᠬᠤ ᠵᠥᠪᠳᠡᠯᠴᠡᠭᠡᠷ ᠲᠣᠭᠲᠠᠪᠠ᠃ | ᠣᠶᠢᠯᠠᠭᠠᠭᠰᠠᠨ ᠢᠶᠠᠷ᠂ ᠮᠠᠨ ᠤ ᠰᠢᠶᠠᠨ ᠬᠡᠪᠴᠢᠶᠡᠨ ᠤ ᠶᠡᠷᠦᠩᠬᠡᠶ ᠲᠠᠯᠠᠪᠠᠶ ᠨᠢ 2859 ᠲᠡᠭᠰᠢ ᠳᠥᠷᠪᠡᠯᠵᠢᠨ | ᠺᠢᠯᠣᠮᠧᠲᠷ ᠪᠠᠶᠢᠵᠤ᠂ ᠪᠦᠬᠦ ᠬᠥᠮᠦᠨ ᠠᠮᠠ ᠶᠢᠨ ᠨᠢ 14.7 ᠲᠦᠮᠡᠨ ᠬᠥᠮᠦᠨ ᠪᠤᠢ᠃ ᠥᠪᠥᠷ ᠮᠣᠩᠭᠤᠯ᠂ ᠱᠠᠨ | ᠰᠢ ᠬᠤᠶᠠᠷ ᠮᠤᠵᠢ ᠣᠷᠣᠨ ᠤ ᠵᠠᠭᠠᠭ ᠳᠡᠭᠡᠷ᠎ᠡ ᠪᠠ ᠤᠯᠤᠰ ᠤᠨ ᠬᠥᠬᠡᠬᠤᠲᠠ ᠪᠤᠭᠤᠲᠤ ᠢᠷᠭᠠᠢ ᠲᠡᠮᠡᠭᠡᠲᠦ ᠶᠢᠨ | ᠠᠵᠤ ᠠᠬᠤᠶ ᠶᠢᠨ ᠲᠣᠭᠤᠷᠢᠭ᠂ ᠥᠪᠥᠷ ᠮᠣᠩᠭᠤᠯ ᠤᠨ ︽ᠬᠥᠬᠡᠬᠤᠲᠠ ᠪᠤᠭᠤᠲᠤ ᠣᠷᠳᠣᠰ︾ ᠢᠶᠠᠷ ᠭᠤᠣᠯ | ᠪᠣᠯᠭᠠᠭᠰᠠᠨ ᠪᠠᠷᠠᠭᠤᠨ ᠬᠡᠰᠡᠭ ᠤᠨ ᠠᠵᠤ ᠠᠬᠤᠶ ᠶᠢᠨ ᠥᠷᠥᠴᠡ ᠭᠠᠵᠠᠷ ᠲᠤ ᠪᠠᠶᠢᠷᠢᠯᠠᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠤᠨ ᠡᠮᠦᠨᠡᠰᠢ ᠨᠡᠭᠡᠭᠡᠯᠲᠡ ᠬᠢᠬᠦ ᠪᠠ ᠠᠵᠤ ᠠᠬᠤᠶ ᠶᠢᠨ ᠰᠣᠯᠢᠯᠴᠠᠭ᠎ᠠ | ᠬᠢᠬᠦ ᠴᠢᠬᠤᠯᠠ ᠴᠣᠩᠬᠤ ᠪᠠᠶᠢᠵᠤ᠂ ᠮᠥᠨ ᠴᠦ ᠣᠷᠳᠣᠰ ᠤᠨ ᠡᠨᠧᠷᠭᠢ ᠭᠠᠷᠭᠠᠬᠤ ᠭᠤᠣᠯ ᠨᠡᠪᠲᠡᠷᠡᠬᠦ ᠵᠠᠮ ᠪᠣᠯᠤᠨ | ᠨᠡᠭᠦᠷᠡᠰᠦ ᠶᠢ ᠭᠠᠳᠠᠭᠰᠢ ᠲᠡᠭᠡᠭᠡᠪᠦᠷᠢᠯᠡᠬᠦ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠣᠨ᠎ᠠ᠃ ᠡᠭᠦᠨ ᠳᠤ ᠴᠢᠩ ᠱᠦᠢ | ᠾᠧ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠥᠪᠥᠷ ᠮᠣᠩᠭᠤᠯ ᠤᠨ ᠬᠤᠷᠢᠨᠭᠡᠷ ᠰᠢᠨ᠎ᠡ | ᠲᠣᠭᠤᠷᠢᠭ ᠤᠨ ︽ᠨᠢᠭᠡ ᠲᠥᠪ᠂ ᠬᠤᠶᠠᠷ ᠵᠢᠭᠦᠷ᠂ ᠵᠢᠷᠭᠤᠭᠠᠨ ᠪᠦᠯᠬᠦᠮ︾ ᠤᠨ ᠴᠢᠬᠤᠯᠠ ᠪᠦᠷᠢᠯᠳᠦᠬᠦᠨ ᠬᠡᠰᠡᠭ | ᠮᠥᠨ᠂ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠳᠠᠭᠠᠤ ᠶᠢᠨ ᠠᠵᠤ ᠠᠬᠤᠶ ᠶᠢᠨ ᠪᠦᠰᠡ ᠠᠵᠤ | ᠦᠢᠯᠡᠳᠪᠦᠷᠢ ᠶᠢᠨ ᠬᠥᠭᠵᠢᠯᠲᠡ ᠶᠢᠨ ᠲᠥᠪᠯᠡᠷᠡᠭᠰᠡᠨ ᠣᠷᠣᠨ ᠤ ᠭᠤᠣᠯᠯᠠᠬᠤ ᠪᠠᠶᠢᠷᠢᠨ ᠳᠤ ᠪᠠᠶᠢᠷᠢᠯᠠᠵᠤ ᠪᠠᠶᠢᠳᠠᠭ᠃ | ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠠᠶᠤᠯ ᠲᠠᠢ ᠬᠠᠶᠠᠭᠳᠠᠮᠠᠯ ᠪᠣᠳᠠᠰ ᠢ ᠲᠡᠭᠦᠰᠬᠡᠯ ᠳᠤ ᠨᠢ | ᠰᠢᠢᠳᠪᠦᠷᠢᠯᠡᠬᠦ ᠲᠥᠪ ᠲᠦᠷᠦᠯ ᠵᠦᠢᠯ ᠤᠨ ᠲᠥᠯᠥᠪᠯᠡᠭᠡ ᠶᠢᠨ ᠨᠢᠭᠡᠳᠦᠭᠡᠷ ᠬᠤᠭᠤᠴᠠᠭᠠᠨ ᠤ ᠪᠡᠯᠡ | ᠣᠷᠣᠭᠤᠯᠤᠯᠲᠠ ᠨᠢ ᠪᠠᠷᠤᠭ 30262 ᠲᠦᠮᠡᠨ ᠲᠥᠭᠦᠷᠢᠭ ᠠᠷᠠᠳ ᠤᠨ ᠵᠣᠭᠤᠰ ᠪᠠᠶᠢᠵᠤ᠂ ᠰᠢᠢᠳᠪᠦᠷᠢᠯᠡᠬᠦ | ᠬᠡᠪᠴᠢᠶᠡᠵᠢᠯ ᠨᠢ 16.67ᠲᠣᠨ/ ᠵᠢᠯ᠂ ᠲᠦᠷᠦᠯ ᠵᠦᠢᠯ ᠤᠨ ᠡᠵᠡᠯᠡᠬᠦ ᠲᠠᠯᠠᠪᠠᠶ ᠨᠢ ᠪᠠᠷᠤᠭ 500 ᠲᠦᠮᠡᠨ | ᠮᠦ ᠪᠠᠷ ᠲᠥᠯᠥᠪᠯᠡᠵᠦ ᠪᠤᠢ᠃ | ᠰᠢᠶᠠᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠨᠤᠲᠤᠭ ᠳᠡᠪᠢᠰᠬᠡᠷ᠂ ᠣᠢ ᠮᠣᠳᠣ᠂ | ᠣᠷᠴᠢᠨ ᠲᠤᠭᠤᠷᠢᠨ ᠤ ᠬᠠᠮᠠᠭᠠᠯᠠᠯᠲᠠ᠂ ᠤᠰᠤᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃ |