| | | | | | | 6 ᠳ᠋ᠤᠭᠠᠷ ᠰᠠᠷ᠎ᠠ ᠶᠢᠨ 28 ᠤ ᠡᠳᠦᠷ᠂ ᠴᠢᠩ ᠱᠦᠢ ᠾᠧ ᠰᠢᠶᠠᠨ ᠤ ᠠᠷᠠᠳ ᠲᠤ ᠠᠰᠢᠭ ᠬᠦᠷᠲᠡᠭᠡᠬᠦ | ᠭᠡᠷᠡᠯ ᠸᠣᠯᠲ ᠢᠶᠠᠷ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ 5MW ᠶᠠᠳᠠᠭᠤ ᠶᠢ ᠲᠡᠳᠬᠦᠬᠦ ᠲᠥᠷᠥᠯ | ᠵᠦᠢᠯ ᠢ ᠬᠥᠬᠡᠬᠤᠲᠠ ᠶᠢᠨ ᠯᠢᠶᠠᠨ ᠾᠧ ᠰᠢᠨ᠎ᠡ ᠡᠨᠧᠷᠭᠢ ᠶᠢᠨ 110V ᠬᠦᠴᠦᠳᠡᠯ ᠶᠡᠬᠡᠳᠬᠡᠬᠦ ᠦᠷᠳᠡᠭᠡ ᠳᠤ | ᠵᠠᠯᠭᠠᠵᠤ ᠣᠷᠣᠭᠤᠯᠬᠤ ᠲᠣᠣᠷ ᠨᠡᠶᠢᠯᠡᠭᠦᠯᠬᠦ ᠡᠬᠢᠯᠡᠯᠲᠡ ᠶᠢᠨ ᠶᠣᠰᠣᠯᠠᠯ ᠨᠢ ᠮᠠᠨ ᠤ ᠰᠢᠶᠠᠨ ᠤ ᠤᠯᠢᠶᠠᠰᠤᠲᠠᠢ | ᠰᠢᠶᠠᠩ ᠤᠨ ᠺᠠᠩ ᠱᠧᠩ ᠵᠤᠸᠠᠩ ᠲᠣᠰᠬᠤᠨ ᠳᠤ ᠶᠠᠪᠤᠭᠳᠠᠪᠠ᠃ | ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠺᠠᠩ | ᠶᠦᠩ ᠴᠢᠶᠠᠩ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠠᠬᠤ ᠶᠡᠷᠦᠩᠬᠡᠶ ᠠᠩᠭᠢ ᠶᠢᠨ ᠳᠠᠷᠤᠭ᠎ᠠ᠂ ᠰᠢᠶᠠᠨ ᠤ ᠨᠠᠮ ᠤᠨ ᠬᠤᠷᠢᠶ᠎ᠠ ᠶᠢᠨ | ᠳᠡᠳ᠋ ᠱᠦᠵᠢ ᠰᠢᠤᠢ ᠪᠦᠦ ᠴᠢᠤᠸᠠᠨ᠂ ᠬᠤᠳᠠ ᠠᠴᠠ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠠᠬᠤ ᠢ ᠰᠢᠮᠳᠠᠭᠤᠯᠤᠨ ᠵᠢᠯᠭᠤᠳᠬᠤ ᠳᠤᠭᠤᠶᠢᠯᠠᠩ ᠤᠨ ᠳᠠᠷᠤᠭ᠎ᠠ ᠸᠠᠩ ᠰᠢᠨ | ᠾᠧᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠡᠷᠬᠢᠯᠡᠭᠴᠢ ᠸᠠᠩ ᠱᠠᠨ ᠴᠢᠤᠸᠠᠨ ᠲᠣᠣᠷ ᠨᠡᠶᠢᠯᠡᠭᠦᠯᠬᠦ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠲᠠ ᠶᠢᠨ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢ ᠶᠢᠨ ᠳᠠᠷᠤᠭ᠎ᠠ ᠳ᠋ᠠᠶ ᠰᠦ᠋ ᠾᠧ᠂ ᠬᠤᠳᠠ ᠶᠢᠨ ᠬᠥᠳᠡᠭᠡ ᠲᠣᠰᠬᠤᠨ ᠤ ᠠᠵᠢᠯ ᠤᠨ ᠵᠥᠪᠯᠡᠯ ᠤᠨ ᠳᠡᠳ᠋ | ᠪᠠᠶᠢᠴᠠᠭᠠᠨ ᠰᠤᠳᠤᠯᠤᠭᠴᠢ ᠯᠢ ᠸᠧᠢ ᠢ ᠵᠡᠷᠭᠡ ᠳᠡᠭᠡᠳᠦ ᠱᠠᠲᠤᠨ ᠤ ᠤᠳᠤᠷᠢᠳᠤᠯᠭ᠎ᠠ ᠨᠠᠷ ᠤᠷᠢᠯᠭ᠎ᠠ ᠪᠠᠷ ᠲᠣᠣᠷ ᠲᠤ | ᠨᠡᠶᠢᠯᠡᠭᠦᠯᠬᠦ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠠᠵᠤ ᠠᠬᠤᠶ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠱᠢ ᠶᠦᠩ ᠫᠢᠩ ᠡᠬᠢᠯᠡᠯᠲᠡ ᠶᠢᠨ ᠶᠣᠰᠣᠯᠠᠯ ᠢ | ᠡᠷᠭᠢᠯᠡᠪᠡ᠃ | ᠺᠠᠩ ᠶᠦᠩ ᠴᠢᠶᠠᠩ ᠡᠬᠢᠯᠡᠯᠲᠡ ᠶᠢᠨ ᠶᠣᠰᠣᠯᠠᠯ ᠳᠡᠭᠡᠷ᠎ᠡ ᠲᠠᠯᠪᠢᠭᠰᠠᠨ ᠶᠠᠷᠢᠶᠠᠨ ᠳᠠᠭᠠᠨ ᠵᠢᠭᠠᠵᠤ | ᠭᠠᠷᠭᠠᠭᠰᠠᠨ ᠨᠢ᠂ ᠭᠡᠷᠡᠯ ᠸᠣᠯᠲ ᠤᠨ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠬᠦ ᠪᠣᠯ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠥᠨ᠂ | ᠡᠨᠡ ᠪᠣᠯ ᠥᠷᠭᠡᠨ ᠤᠯᠠᠨ ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠠᠵᠠ ᠵᠢᠷᠭᠠᠯ ᠣᠯᠭᠤᠬᠤ ᠴᠢᠬᠤᠯᠠ ᠶᠡᠭᠡ | ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠠᠷᠠᠳ ᠲᠤ ᠠᠰᠢᠭ ᠬᠦᠷᠲᠡᠭᠡᠬᠦ ᠭᠡᠷᠡᠯ ᠸᠣᠯᠲ ᠴᠠᠬᠢᠯᠭᠠᠨ | ᠭᠠᠷᠭᠠᠬᠤ ᠬᠢᠵᠠᠭᠠᠷᠲᠤ ᠺᠣᠮᠫᠠᠨᠢ ᠶᠢᠨ 5MW ᠶᠠᠳᠠᠭᠤ ᠶᠢ ᠲᠡᠳᠬᠦᠬᠦ ᠲᠥᠷᠥᠯ ᠵᠦᠢᠯ ᠤᠨ ᠠᠮᠵᠢᠯᠲᠠ ᠲᠠᠢ ᠪᠠᠷ | ᠲᠣᠣᠷ ᠲᠤ ᠨᠡᠶᠢᠯᠡᠭᠦᠯᠦᠭᠰᠡᠨ ᠨᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ᠂ ᠬᠡᠰᠡᠭ | ᠶᠠᠳᠠᠭᠤ ᠬᠦᠴᠢᠷᠳᠡᠯ ᠲᠠᠢ ᠲᠣᠰᠬᠤᠨ ᠤ ᠠᠵᠤ ᠦᠢᠯᠡᠰ ᠤᠨ ᠬᠥᠭᠵᠢᠯᠲᠡ ᠨᠢ ᠬᠦᠴᠢᠷᠳᠡᠯᠲᠡᠶ ᠪᠠᠶᠢᠬᠤ ᠵᠡᠷᠭᠡ ᠬᠦᠴᠢᠷ | ᠠᠰᠠᠭᠤᠳᠠᠯ ᠢ ᠰᠢᠢᠳᠪᠦᠷᠢᠯᠡᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ᠂ ᠪᠠᠰᠠ ︽ | ᠴᠢᠰᠤ ᠶᠡᠭᠦᠯᠡᠬᠦ ᠮᠠᠶ᠋ᠢᠭ ᠤᠨ ᠶᠠᠳᠠᠭᠤ ᠶᠢ ᠲᠡᠳᠬᠦᠬᠦ︾ ᠶᠢ ︽ᠦᠷ᠎ᠡ ᠠᠰᠢᠭ ᠨᠡᠮᠡᠭᠳᠡᠭᠦᠯᠬᠦ ᠬᠡᠯᠪᠡᠷᠢ ᠪᠠᠷ ᠶᠠᠳᠠᠭᠤ ᠶᠢ | ᠲᠡᠳᠬᠦᠬᠦ︾ ᠵᠦᠭ ᠲᠤ ᠤᠯᠠᠷᠢᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠪᠠᠰᠠ ᠡᠬᠢ ᠪᠠᠶᠠᠯᠢᠭ ᠢ ᠪᠦᠲᠦᠮᠵᠢᠲᠡᠶ | ᠠᠰᠢᠭᠯᠠᠬᠤ᠂ ᠪᠣᠬᠢᠷᠲᠤᠯ ᠦᠭᠡᠢ ᠡᠨᠧᠷᠭᠢ ᠶᠢ ᠲᠦᠷᠭᠡᠨ ᠬᠥᠭᠵᠢᠭᠦᠯᠵᠦ᠂ ᠪᠦᠬᠦ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠠᠯᠬᠤᠴᠠ ᠶᠢ ᠢᠳᠡᠪᠬᠢᠲᠡᠶ ᠠᠬᠢᠭᠤᠯᠪᠠ᠃ ᠺᠠᠩ ᠶᠦᠩ ᠴᠢᠶᠠᠩ ᠴᠢᠬᠤᠯᠠᠴᠢᠯᠠᠭᠰᠠᠨ ᠨᠢ᠂ | ᠬᠤᠶᠢᠰᠢᠳᠠ ᠶᠢᠨ ᠠᠵᠢᠯ ᠤᠨ ᠳᠤᠮᠳᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠪᠠᠶᠢᠯᠳᠤᠬᠤ ᠪᠣᠳᠣᠯᠭ᠎ᠠ | ᠪᠣᠯᠣᠨ ᠪᠦᠬᠦ ᠲᠠᠯ᠎ᠠ ᠶᠢᠨ ᠳᠡᠭᠡᠳᠦ ᠬᠡᠮᠵᠢᠶᠡᠨ ᠳᠤ ᠰᠠᠭᠤᠷᠢᠯᠠᠵᠤ᠂ ᠨᠡᠩ ᠤᠯᠠᠨ ᠶᠠᠳᠠᠭᠤ ᠶᠢ ᠲᠡᠳᠬᠦᠬᠦ ᠠᠵᠤ | ᠦᠢᠯᠡᠰ ᠤᠨ ᠲᠥᠷᠥᠯ ᠵᠦᠢᠯ ᠢ ᠢᠳᠡᠪᠬᠢᠲᠡᠶ ᠨᠡᠭᠡᠭᠡᠨ ᠬᠥᠭᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠠᠰᠢᠭ ᠣᠷᠣᠯᠭ᠎ᠠ ᠶᠢ ᠳᠠᠶᠢᠴᠢᠯᠠᠨ ᠳᠠᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠳᠤ ᠢᠯᠠᠯᠲᠠ ᠣᠯᠬᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ | ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠢ᠃ | ᠣᠶᠢᠯᠠᠭᠠᠭᠰᠠᠨ ᠢᠶᠠᠷ᠂ ᠠᠷᠠᠳ ᠲᠤ ᠠᠰᠢᠭ ᠬᠦᠷᠲᠡᠭᠡᠬᠦ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠲᠥᠷᠥᠯ | ᠵᠦᠢᠯ ᠤᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 5MW ᠪᠠᠶᠢᠵᠤ᠂ ᠪᠦᠳᠤᠬᠡᠨ ᠪᠠᠶᠢᠭᠤᠯᠵᠤ | ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 750 ᠲᠦᠮᠡᠨ | MWh ᠬᠦᠷᠬᠦ ᠪᠠᠷ ᠵᠢᠱᠢᠵᠦ᠂ ᠲᠥᠷᠥᠯ ᠵᠦᠢᠯ ᠤᠨ ᠠᠮᠵᠢᠯᠲᠠ ᠲᠠᠢ ᠪᠠᠷ ᠲᠣᠣᠷ ᠲᠤ ᠨᠡᠶᠢᠯᠡᠭᠦᠯᠦᠭᠰᠡᠨ ᠨᠢ ᠪᠦᠬᠦ | ᠰᠢᠶᠠᠨ ᠤ 213 ᠶᠠᠳᠠᠭᠤ ᠬᠦᠴᠢᠷᠳᠡᠯᠲᠡᠶ ᠡᠷᠦᠬᠡ ᠶᠢᠨ ᠵᠢᠯ ᠪᠦᠷᠢ 3000 ᠲᠥᠭᠦᠷᠢᠭ ᠤᠨ ᠶᠠᠳᠠᠭᠤ ᠶᠢ ᠲᠡᠳᠬᠦᠬᠦ | ᠪᠡᠯᠡ ᠮᠥᠩᠭᠦ ᠶᠢᠨ ᠠᠰᠢᠭ ᠣᠷᠣᠯᠭ᠎ᠠ ᠶᠢ ᠪᠦᠲᠦᠮᠵᠢᠲᠡᠶ ᠪᠠᠲᠤᠯᠠᠵᠤ ᠴᠢᠳᠠᠨ᠎ᠠ᠃ ᠲᠦᠷᠦᠯ ᠵᠦᠢᠯ ᠤᠨ ᠪᠦᠲᠦᠭᠡᠨ | ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠨᠢ ᠮᠠᠨ ᠤ ᠰᠢᠶᠠᠨ ᠤ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠶᠢ ᠠᠬᠢᠭᠤᠯᠬᠤ᠂ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠬᠦ ᠶᠢ | ᠠᠬᠢᠭᠤᠯᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ | ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠥᠬᠡᠬᠤᠲᠠ ᠶᠢᠨ ᠯᠢᠶᠠᠨ | ᠾᠧ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠦᠬᠦᠢ ᠬᠥᠮᠦᠰ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | |