ᠰᠢᠨ᠎ᠡ ᠬᠤᠲᠠ ᠲᠣᠭᠤᠷᠢᠭ ᠤᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠪᠦᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2018-07-04
      ᠤᠯᠤᠰ᠂ ᠥᠪᠡᠷᠲᠡᠭᠡᠨ ᠵᠠᠰᠠᠬᠤ ᠣᠷᠣᠨ᠂  ᠬᠦᠬᠡᠬᠤᠲᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ ᠪᠦᠬᠦ ᠣᠯᠣᠰ ‍ᠤᠨ‌ᠭᠤᠷᠪᠠᠳᠤᠭᠠᠷ ᠤᠳᠠᠭ᠎ᠠ ᠶᠢᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠰᠢᠨ᠎ᠡ ᠬᠤᠲᠠ ᠲᠣᠭᠤᠷᠢᠭ ᠴᠠᠭ ᠲᠤᠬᠠᠶ ᠳᠤᠨᠢ ᠲᠣᠭᠤᠷᠢᠭ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠪᠠᠷ ᠠᠵᠢᠯ ᠬᠤᠪᠢᠶᠠᠨ ᠬᠠᠮᠢᠶᠠᠷᠬᠤ ᠳᠠᠷᠤᠭ᠎ᠠ  ᠪᠣᠯᠭᠠᠨ᠂ 22 ᠳᠣᠭᠤᠷᠢᠭ ᠤᠨ ᠠᠵᠢᠯ ᠲᠦᠷᠦᠯ  ᠤᠨ ᠲᠣᠪᠴᠢᠶᠠᠨ ᠤ ᠬᠠᠷᠢᠭᠤᠴᠠᠯᠭᠠᠲᠠᠨ ᠪᠠᠷ ᠪᠦᠷᠢᠯᠳᠦᠬᠦᠨ ᠪᠣᠯᠭᠠᠭᠰᠠᠨ ᠰᠢᠨ᠎ᠡ ᠬᠤᠲᠠ ᠲᠣᠭᠤᠷᠢᠭ ᠤᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠶᠢᠯ ‍ᠤᠨ‌ᠤᠳᠤᠷᠢᠳᠬᠤ ᠳᠤᠭᠤᠶᠢᠯᠠᠩ ᠶᠢ ᠪᠠᠶᠢᠭᠤᠯᠵᠠᠢ᠃ ︽ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ  ᠣᠷᠳᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠬᠦ ᠲᠤᠬᠠᠶ ᠮᠡᠳᠡᠭᠳᠡᠯ︾᠂ ︽ᠰᠢᠨ᠎ᠡ ᠬᠤᠲᠠ ᠲᠣᠭᠤᠷᠢᠭ ᠤᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠤᠰᠬᠠᠶ ᠠᠵᠢᠯ ᠢ ᠵᠣᠬᠢᠶᠠᠨ ᠪᠠᠶᠢᠭᠤᠯᠬᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠮᠡᠳᠡᠭᠳᠡᠯ︾ ︽ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠳᠠᠷᠤᠮᠠᠯᠯᠠᠨ ᠲᠠᠷᠬᠠᠭᠠᠬᠤ ︿ᠰᠢᠨ᠎ᠡ ᠬᠤᠲᠠ ᠲᠣᠭᠤᠷᠢᠭ ᠤᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠤᠨ ᠲᠥᠰᠦᠯ﹀ ᠤᠨ ᠲᠤᠬᠠᠶ ᠮᠡᠳᠡᠭᠳᠡᠯ︾᠂  ᠪᠣᠷᠣᠬᠤᠰᠢᠭᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠩ ᠱᠧᠩ ᠬᠠᠮᠢᠶᠠᠷᠤᠯᠲᠠ ᠶᠢᠨ ᠵᠥᠪᠯᠡᠯ ᠂  ᠲᠣᠭᠤᠷᠢᠭ ᠤᠨ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠵᠢᠴᠢ ᠬᠤᠯᠪᠣᠭᠳᠠᠯ ᠪᠦᠬᠦᠢ ᠨᠢᠭᠡᠴᠡ ᠵᠢᠨ‌ᠡᠭᠦᠷᠭᠡ ᠬᠠᠷᠢᠭᠤᠴᠠᠯᠭ᠎ᠠ ᠢ ᠲᠣᠳᠣᠷᠬᠠᠶᠢᠯᠠᠵᠠᠢ᠃       ᠵᠣᠬᠢᠶᠠᠨ ᠪᠠᠶᠢᠭᠤᠯᠤᠮᠵᠢ  ᠂ ᠪᠠᠶᠢᠴᠠᠭᠠᠬᠤ ᠬᠡᠪᠴᠢᠶ᠎ᠡ᠂ ᠪᠠᠶᠢᠴᠠᠭᠠᠬᠤ ᠠᠭᠤᠯᠭ᠎ᠠ᠂  ᠴᠠᠭ ᠤᠨ ᠲᠣᠬᠢᠷᠠᠭᠤᠯᠭ᠎ᠠ  ᠂ ᠪᠣᠳᠠᠲᠠᠶ ᠱᠠᠭᠠᠷᠳᠠᠯᠭ᠎ᠠ ᠵᠡᠷᠭᠡ ᠲᠠᠯ᠎ᠠ ᠪᠠᠷ ᠨᠠᠷᠢᠨ‌ᠨᠢᠮᠪᠠᠶ ᠪᠦᠬᠦ ᠲᠠᠯ᠎ᠠ ᠪᠠᠷ  ᠪᠢᠢᠷᠢᠯᠠᠭᠤᠯᠤᠯᠳᠠ ᠬᠢᠪᠡ᠃ ᠥᠨᠥ ᠠᠵᠢᠯ ᠤᠨ ᠵᠠᠷᠤᠳᠠᠯ ᠢ ᠵᠢᠱᠢᠵᠦ ᠪᠣᠳᠣᠬᠤ ᠠᠵᠢᠯ ᠶᠠᠪᠤᠭᠳᠠᠵᠤ ᠪᠠᠶᠢᠨ᠎ᠠ᠂ ᠲᠠᠷᠠᠭᠠᠴᠢ ᠶᠢᠨ ᠠᠯᠬᠤᠮ ᠳᠤ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠪᠠᠷ ᠮᠡᠷᠭᠡᠵᠢᠯ ᠤᠨ  ᠨᠢᠭᠡᠴᠡ ᠪᠠᠨ ᠲᠣᠭᠲᠠᠭᠠᠵᠤ᠂ ᠰᠢᠨ᠎ᠡ ᠬᠤᠲᠠ ᠲᠣᠭᠤᠷᠢᠭ ᠤᠨ ᠭᠤᠷᠪᠠᠳᠤᠭᠠᠷ ᠤᠳᠠᠭ᠎ᠠ ᠶᠢᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠪᠦᠬᠦ ᠲᠠᠯ᠎ᠠ ᠪᠠᠷ ᠶᠠᠪᠤᠭᠳᠠᠬᠤ ᠪᠠᠷ ᠪᠠᠶᠢᠨ᠎ᠠ  ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号