7 ᠳ᠋ᠤᠭᠠᠷ ᠰᠠᠷ᠎ᠠ ᠶᠢᠨ 2 ᠤ ᠡᠳᠦᠷ᠂ 2018 ᠣᠨ ᠤ ᠴᠢᠩ ᠬᠤᠸᠠ ᠶᠡᠭᠡ ᠰᠤᠷᠭᠠᠭᠤᠯᠢ ᠶᠢᠨ ᠵᠤᠨ ᠤ | ᠠᠮᠠᠷᠠᠯᠲᠠ ᠶᠢᠨ ᠳ᠋ᠣᠺᠲ᠋ᠣᠷᠠᠨᠲ ᠤᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠰᠠᠭᠤᠷᠢᠨ | ᠭᠠᠵᠠᠷ ᠳᠠᠬᠢ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠭᠦᠰᠢᠭᠡ ᠪᠠᠨ ᠰᠡᠬᠦᠵᠦ᠂ ᠴᠢᠩ ᠬᠤᠸᠠ ᠶᠡᠭᠡ | ᠰᠤᠷᠭᠠᠭᠤᠯᠢ ᠶᠢᠨ 17 ᠨᠡᠷᠡᠰ ᠳ᠋ᠣᠺᠲ᠋ᠣᠷ ᠪᠠᠶᠠᠷᠯᠠᠨ ᠣᠭᠲᠣᠬᠤ ᠰᠠᠭᠤᠳᠠᠯ ᠤᠨ ᠬᠤᠷᠠᠯ ᠳᠤ ᠣᠷᠣᠯᠴᠠᠵᠣ | ᠣᠪᠣᠷ ᠢᠶᠠᠨ ᠢᠯᠡᠳᠬᠡᠭᠰᠡᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠩ ᠬᠤᠸᠠ | ᠶᠡᠭᠡ ᠰᠤᠷᠭᠠᠭᠤᠯᠢ ᠶᠢᠨ ᠵᠤᠨ ᠤ ᠠᠮᠠᠷᠠᠯᠲᠠ ᠶᠢᠨ ᠦᠢᠯᠡᠳᠦᠯᠭᠡ ᠶᠢᠨ ᠠᠵᠢᠯᠯᠠᠭ᠎ᠠ ᠶᠢ ᠠᠩᠬ᠎ᠠ ᠤᠳᠠᠭ᠎ᠠ ᠬᠦᠯᠢᠶᠡᠨ | ᠠᠪᠴᠣ ᠪᠠᠶᠢᠭ᠎ᠠ ᠶᠤᠮ᠂ ᠲᠡᠷᠡ ᠨᠢ 6 ᠪᠠᠶᠢᠭᠤᠯᠭ᠎ᠠ ᠨᠢᠭᠡᠴᠡ᠂ 10 ᠲᠥᠷᠥᠯ ᠵᠦᠢᠯ ᠢ ᠬᠠᠮᠣᠷᠴᠣ᠂ | ᠠᠵᠢᠯᠯᠠᠭ᠎ᠠ ᠶᠢᠨ ᠬᠤᠭᠤᠴᠠᠭ᠎ᠠ 45 ᠡᠳᠦᠷ ᠪᠣᠯᠣᠨ᠎ᠠ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠥᠪᠥᠷ ᠮᠣᠩᠭᠤᠯ ᠤᠨ | ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠹᠧᠩ ᠢᠥᠢ ᠵᠧᠨ᠂ ᠬᠤᠲᠠ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠡᠳ᠋ ᠳᠠᠷᠤᠭ᠎ᠠ᠂ ᠥᠪᠥᠷ ᠮᠣᠩᠭᠤᠯ ᠤᠨ ᠬᠤᠷᠢᠨᠭᠡᠷ ᠰᠢᠨ᠎ᠡ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠯᠦᠸᠧ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ | ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ | ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠣ᠋ ᠵᠢᠶᠠᠨ ᠭᠦᠸᠧ ᠬᠤᠷᠠᠯ ᠡᠷᠬᠢᠯᠡᠪᠡ᠃ ᠡᠯ᠎ᠡ ᠲᠦᠷᠥᠯ | ᠵᠦᠢᠯ ᠢ ᠬᠦᠯᠢᠶᠡᠨ ᠠᠪᠣᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠰᠢᠨ᠎ᠡ | ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠹᠧᠩ ᠢᠥᠢ ᠵᠧᠨ ᠬᠥᠬᠡᠬᠤᠲᠠ ᠳᠤ ᠵᠣᠠ ᠤ ᠬᠤᠭᠤᠴᠠᠭᠠᠨ ᠤ ᠨᠡᠶᠢᠭᠡᠮ ᠤᠨ | ᠦᠢᠯᠡᠳᠦᠯᠭᠡ ᠳᠤ ᠣᠷᠣᠯᠴᠠᠬᠤ ᠪᠠᠷ ᠢᠷᠡᠭᠰᠡᠨ ᠳ᠋ᠣᠺᠲ᠋ᠣᠷᠠᠨᠲ ᠢ ᠪᠠᠶᠠᠷᠯᠠᠨ ᠤᠭᠲᠤᠵᠤ ᠪᠠᠶᠢᠭ᠎ᠠ ᠪᠠᠨ ᠢᠯᠡᠳᠬᠡᠭᠰᠡᠨ | ᠪᠠᠶᠢᠨ᠎ᠠ᠃ ᠴᠢᠩ ᠬᠤᠸᠠ ᠶᠡᠭᠡ ᠰᠤᠷᠭᠠᠭᠤᠯᠢ ᠶᠢᠨ ᠳ᠋ᠣᠺᠲ᠋ᠣᠷᠠᠨᠲ ᠨᠠᠷ ᠢ ᠰᠣᠷᠣᠭᠰᠠᠨ ᠮᠡᠳᠡᠯᠭᠡ ᠪᠠᠨ | ᠦᠢᠯᠡᠳᠦᠯᠭᠡ ᠶᠢᠨ ᠳᠤᠮᠳᠠ ᠬᠡᠷᠡᠭᠵᠢᠭᠦᠯᠵᠦ᠂ ᠬᠥᠬᠡᠬᠤᠲᠠ᠂ ᠲᠡᠷᠡᠴᠢᠯᠡᠨ ᠥᠪᠥᠷ ᠮᠣᠩᠭᠤᠯ ᠤᠨ ᠬᠤᠷᠢᠨᠭᠡᠷ ᠰᠢᠨ᠎ᠡ | ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠭᠰᠡᠨ ᠪᠠᠶᠢᠨ᠎ᠠ᠃ | ᠡᠭᠦᠨ ᠠᠴᠠ ᠭᠠᠳᠠᠨ᠎ᠠ᠂ ᠲᠥᠷᠥᠯ ᠵᠦᠢᠯ ᠢ ᠬᠥᠯᠢᠶᠡᠨ ᠠᠪᠤᠭᠰᠠᠨ ᠨᠢᠭᠡᠴᠡ ᠶᠢᠨ ᠬᠢ ᠶᠢ ᠬᠦᠯᠢᠶᠡᠨ ᠠᠪᠴᠤ | ᠵᠣᠴᠢᠯᠠᠬᠤ ᠠᠵᠢᠯ ᠢ ᠰᠠᠶᠢᠲᠤᠷ ᠬᠢᠬᠦ ᠶᠢ ᠬᠦᠰᠡᠵᠦ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ᠂ ᠡᠨᠡ | ᠤᠳᠠᠭᠠᠨ ᠤ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠡᠯᠪᠡᠭ ᠪᠠᠶᠠᠯᠢᠭ ᠬᠠᠮᠲᠤᠷᠠᠯᠴᠠᠭᠠᠨ ᠤ ᠦᠷ᠎ᠡ ᠪᠦᠲᠦᠭᠡᠯ | ᠣᠯᠬᠤ ᠶᠢ ᠬᠦᠰᠡᠭᠰᠡᠨ ᠪᠠᠶᠢᠨ᠎ᠠ᠃ | ᠴᠢᠩ ᠬᠤᠸᠠ ᠶᠡᠭᠡ ᠰᠤᠷᠭᠠᠭᠤᠯᠢ ᠶᠢᠨ ᠳ᠋ᠣᠺᠲ᠋ᠣᠷᠠᠨᠲ ᠬᠤᠸᠠᠩ ᠵᠢᠶᠠᠨ ᠫᠢᠩ ᠰᠤᠷᠤᠭᠴᠢᠳ ᠤᠨ | ᠲᠥᠯᠥᠭᠡᠯᠡᠭᠴᠢ ᠪᠣᠯᠤᠭᠰᠠᠨ ᠤ ᠬᠤᠪᠢ ᠪᠠᠷ ᠶᠠᠷᠢᠶ᠎ᠠ ᠲᠠᠯᠪᠢᠬᠤ ᠳᠤ ᠪᠠᠨ ᠢᠯᠡᠷᠬᠡᠶᠢᠯᠡᠭᠰᠡᠨ ᠨᠢ᠂ ᠰᠤᠷᠴᠤ | ᠡᠵᠡᠮᠰᠢᠭᠰᠡᠨ ᠡᠷᠳᠡᠮ ᠮᠡᠳᠡᠯᠭᠡ ᠪᠠᠨ ᠰᠤᠳᠤᠯᠤᠨ ᠨᠡᠭᠡᠭᠡᠬᠦ ᠳᠤ ᠭᠦᠢᠴᠡᠳ ᠬᠡᠷᠡᠭᠯᠡᠵᠦ᠂ ᠬᠥᠬᠡᠬᠤᠲᠠ᠂ ᠥᠪᠥᠷ | ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ︽ᠡᠷᠳᠡᠮ ᠮᠡᠳᠡᠯᠭᠡ ᠶᠢ | ᠰᠣᠷᠣᠯᠴᠠᠵᠣ᠂ ᠤᠷ᠎ᠠ ᠴᠢᠳᠠᠪᠣᠷᠢ ᠪᠠᠨ ᠳᠡᠭᠡᠭᠰᠢᠯᠡᠭᠦᠯᠵᠦ᠂ ᠬᠤᠪᠢ ᠨᠡᠮᠡᠷᠢ ᠦᠵᠡᠭᠦᠯᠬᠦ︾ ᠶᠢ ᠦᠨᠡᠨᠬᠦ | ᠪᠡᠶᠡᠯᠡᠭᠦᠯᠦᠨ᠎ᠡ ᠭᠡᠪᠡ᠃ ᠬᠤᠷᠠᠯ ᠳᠡᠭᠡᠷ᠎ᠡ᠂ ᠥᠪᠥᠷ ᠮᠣᠩᠭᠤᠯ ᠤᠨ ᠳ᠋ᠠ ᠳᠠᠩ ᠣᠯᠠᠨ ᠤᠯᠤᠰ ᠤᠨ ᠲᠣᠭᠲᠠᠬᠤ | ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠥᠯᠢᠶᠡᠨ | ᠠᠪᠤᠭᠰᠠᠨ ᠨᠢᠭᠡᠴᠡ ᠶᠢ ᠲᠦᠯᠦᠭᠡᠯᠡᠵᠦ᠂ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠮᠡᠳᠡᠭᠡᠵᠢ ᠪᠠᠷ᠂ 2017 ᠣᠨ ᠤ 7 ᠳ᠋ᠤᠭᠠᠷ ᠰᠠᠷ᠎ᠠ ᠶᠢᠨ22 ᠤ ᠡᠳᠦᠷ᠂ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠪᠣᠯᠤᠨ ᠴᠢᠩ ᠬᠤᠸᠠ ᠶᠡᠭᠡ | ᠰᠤᠷᠭᠠᠭᠤᠯᠢ ᠰᠣᠳᠣᠯᠣᠨ ᠰᠣᠷᠣᠭᠴᠢ ᠶᠢᠨ ᠨᠡᠶᠢᠭᠡᠮ ᠤᠨ ᠦᠢᠯᠡᠳᠦᠯᠭᠡ ᠳᠤ ᠣᠷᠣᠯᠴᠠᠬᠤ ᠰᠠᠭᠤᠷᠢᠨ ᠭᠠᠵᠠᠷ ᠢ | ᠬᠠᠮᠲᠤ ᠪᠠᠷ ᠪᠠᠶᠢᠭᠤᠯᠬᠤ ᠬᠡᠯᠡᠯᠴᠡᠭᠡᠷ ᠲᠣᠭᠲᠠᠭᠠᠵᠤ᠂ ᠲᠤᠰ ᠤᠳᠠᠭᠠᠨ ᠤ ᠠᠵᠢᠯᠯᠠᠭ᠎ᠠ ᠨᠢ ᠳᠠᠷᠣᠢ ᠨᠡᠶᠢᠭᠡᠮ ᠤᠨ | ᠰᠢᠨᠵᠢᠯᠡᠬᠦ ᠤᠬᠠᠭᠠᠨ᠂ ᠮᠣᠳᠣ ᠰᠢᠷᠣᠢ ᠶᠢᠨ ᠪᠠᠷᠢᠯᠭ᠎ᠠ ᠂ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠵᠡᠷᠭᠡ ᠲᠤᠰᠬᠠᠶ | ᠮᠡᠷᠭᠡᠵᠢᠯ ᠶᠢ ᠬᠠᠮᠣᠷᠣᠭᠰᠠᠨ ᠪᠠᠶᠢᠨ᠎ᠠ᠃ |