ᠴᠢ ᠪᠠᠢ ᠰᠢᠶᠤᠤ ᠪᠣᠥ ᠪᠸᠢ ᠾᠧ ᠭᠤᠣᠯ ᠤᠨ ᠦᠶᠡᠷ ᠠᠴᠠ ᠰᠡᠷᠭᠡᠶᠢᠯᠡᠬᠦ ᠠᠵᠢᠯ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2018-07-05
     6 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠵᠦ᠂ ᠬᠤᠷᠢᠨᠭᠡᠷ ᠰᠢᠶᠠᠨ ᠦᠶᠡᠷᠯᠡᠬᠦ ᠬᠤᠭᠤᠴᠠᠭᠠᠨ ᠳᠤ ᠣᠷᠣᠭᠰᠠᠨ ᠪᠠᠶᠢᠨ᠎ᠠ᠃ ᠦᠶᠡᠷᠯᠡᠬᠦ ᠬᠤᠭᠤᠴᠠᠭᠠᠨ ᠤ ᠭᠤᠣᠯ ᠤᠨ ᠭᠤᠯᠳᠣᠷᠢᠯ ᠤᠨ ᠠᠮᠣᠷ ᠲᠥᠪᠰᠢᠨ ᠮᠦᠷᠲᠡᠭᠡᠨ ᠰᠢᠯᠣᠭᠤᠬᠠᠨ ᠨᠡᠪᠲᠡᠷᠡᠬᠦ ᠶᠢ ᠪᠠᠲᠣᠯᠠᠬᠤ ᠶᠢᠨ ᠲᠦᠯᠥᠭᠡ᠂ 7 ᠳ᠋ᠤᠭᠠᠷ ᠰᠠᠷ᠎ᠠ ᠶᠢᠨ 3 ᠤ ᠡᠳᠦᠷ᠂ ᠰᠢᠶᠠᠨ ᠤ ᠳᠡᠳ᠋ ᠳᠠᠷᠤᠭ᠎ᠠ᠂ ᠪᠣᠥ ᠪᠧ ᠾᠧ ᠭᠤᠣᠯ ᠤᠨ ᠬᠤᠷᠢᠨᠭᠡᠷ ᠤᠨ ᠬᠡᠰᠡᠭ ᠤᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠴᠢ ᠪᠠᠢ ᠰᠢᠶᠣᠣ᠂ ᠪᠣᠥ ᠪᠸᠢ ᠾᠧ ᠭᠤᠣᠯ ᠤᠨ ᠴᠧᠩ ᠭᠤᠸᠠᠨ ᠪᠠᠯᠭᠠᠰᠣᠨ ᠤ ᠬᠡᠰᠡᠭ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠡᠰᠡᠭ᠂ ᠱᠧᠩ ᠯᠧ ᠪᠠᠯᠭᠠᠰᠣᠨ ᠤ ᠬᠡᠰᠡᠭ ᠤᠨ ᠬᠢ ᠲᠣᠭᠤᠷᠢᠨ ᠪᠠᠶᠢᠴᠠᠭᠠᠵᠣ᠂ ᠣᠰᠣᠨ ᠤ ᠶᠠᠪᠣᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷ᠎ᠠ ᠪᠣᠯᠪᠠ᠃      ᠲᠣᠭᠤᠷᠢᠨ ᠪᠠᠶᠢᠴᠠᠭᠠᠯᠲᠠ ᠶᠢᠨ ᠳᠣᠮᠳᠠ᠂ ᠴᠢ ᠪᠠᠢ ᠰᠢᠶᠣᠣ ᠢᠯᠡᠷᠬᠡᠶᠢᠯᠡᠯ ᠲᠡᠮᠳᠡᠭ ᠤᠨ ᠪᠠᠶᠢᠷᠢᠯᠠᠭᠤᠯᠣᠯᠲᠠ᠂ ᠭᠤᠣᠯ ᠤᠨ ᠭᠤᠯᠳᠣᠷᠢᠯ ᠤᠨ ᠳᠤᠲᠤᠨ᠎ᠠ ᠭᠠᠳᠠᠨᠠᠬᠢ ᠪᠣᠬᠢᠷᠳᠣᠯ ᠪᠣᠳᠠᠰ ᠤᠨ ᠭᠠᠳᠠᠭᠰᠢᠯᠠᠭᠤᠯᠣᠯᠲᠠ ᠵᠢᠴᠢ ᠬᠤᠭ ᠨᠣᠪᠰᠢ ᠶᠢᠨ ᠴᠡᠪᠡᠷᠯᠡᠯᠲᠡ᠂ ᠭᠤᠣᠯ ᠤᠨ ᠭᠤᠯᠳᠣᠷᠢᠯ ᠳᠤ ᠡᠯᠡᠰᠦ ᠮᠠᠯᠲᠠᠬᠤ᠂ ᠪᠦᠭᠯᠡᠷᠡᠬᠦ ᠵᠡᠷᠭᠡ ᠪᠠᠶᠢᠳᠠᠯ ᠣᠷᠣᠰᠢᠵᠣ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠤᠰᠤᠨ ᠴᠥᠭᠦᠷᠥᠮ᠂ ᠭᠤᠣᠯ ᠤᠨ ᠭᠤᠯᠳᠤᠷᠢᠯ ᠤᠨ ᠦᠶᠡᠷ  ᠲᠠᠢ ᠲᠡᠮᠡᠴᠡᠬᠦ᠂ ᠦᠶᠡᠷ ᠲᠠᠲᠠᠷᠠᠭᠤᠯᠬᠤ ᠴᠢᠳᠠᠪᠤᠷᠢ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ᠂ ᠣᠶᠢᠷ᠎ᠠ ᠶᠢᠨ ᠬᠤᠭᠤᠴᠠᠭᠠᠨ ᠳᠤ ᠠᠭᠠᠳᠠᠷ ᠪᠣᠷᠣᠭᠠᠨ ᠤ ᠰᠡᠷᠡᠮᠵᠢᠯᠡᠭᠦᠯᠦᠯ ᠤᠨ ᠳᠣᠬᠢᠶ᠎ᠠ ᠪᠠᠶᠢᠬᠤ ᠡᠰᠡᠬᠦ ᠵᠡᠷᠭᠡ ᠶᠢ ᠨᠠᠷᠢᠯᠢᠭ ᠠᠰᠠᠭᠤᠨ ᠯᠠᠪᠯᠠᠪᠠ᠃      ᠴᠢ ᠪᠠᠢ ᠰᠢᠶᠣᠣ ᠴᠢᠩᠭᠠᠳᠬᠠᠭᠰᠠᠨ ᠨᠢ᠂ ᠵᠠᠰᠠᠭ ᠤᠨ ᠣᠷᠳᠣᠨ ᠤ ᠠᠯᠪᠠᠨ ᠭᠡᠷ᠂ ᠣᠰᠣᠨ ᠤ ᠶᠠᠪᠣᠳᠠᠯ ᠤᠨ ᠲᠣᠪᠴᠢᠶ᠎ᠠ ᠣᠷᠢᠳᠴᠢᠯᠠᠨ ᠲᠥᠯᠥᠪᠯᠡᠵᠦ᠂ ᠪᠣᠥ ᠪᠸᠢ ᠾᠧ ᠭᠤᠣᠯ ᠤᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠣᠭᠲᠠᠭᠠᠵᠣ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠠᠵᠢᠯᠲᠠᠨ ᠠᠴᠠ ᠰᠣᠩᠭᠤᠵᠣ ᠲᠣᠰᠬᠠᠢ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠪᠠᠶᠢᠭᠤᠯᠵᠣ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠭᠦᠢᠴᠡᠳ ᠪᠠᠶᠢᠬᠤ ᠶᠢ ᠪᠠᠲᠣᠯᠠᠬᠤ ᠬᠡᠷᠡᠭᠲᠡᠢ᠃ ᠣᠰᠣᠨ ᠤ ᠶᠠᠪᠣᠳᠠᠯ᠂ ᠴᠠᠭ ᠠᠭᠤᠷ ᠂ ᠣᠷᠣᠨ ᠰᠠᠭᠤᠴᠠ ᠪᠦᠲᠦᠭᠡᠨ ᠪᠠᠶᠢᠭᠤᠯᠣᠯᠲᠠ᠂ ᠵᠠᠮ ᠨᠡᠪᠲᠡᠷᠡᠯᠭᠡ ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠪᠣᠥ ᠪᠧ ᠾᠧ ᠭᠤᠣᠯ ᠤᠷᠤᠰᠤᠨ ᠥᠩᠭᠡᠷᠡᠵᠦ ᠪᠠᠶᠢᠭ᠎ᠠ ᠰᠢᠶᠠᠩ ᠪᠠᠯᠭᠠᠰᠣ ᠬᠠᠷᠢᠯᠴᠠᠨ ᠬᠠᠮᠵᠢᠯᠴᠠᠵᠣ ᠨᠢᠭᠲᠠ ᠵᠣᠬᠢᠴᠠᠯᠳᠣᠬᠤ ᠶᠢ ᠪᠠᠲᠣᠯᠠᠵᠣ᠂ ᠡᠳᠦᠷ ᠳᠣᠲᠣᠮ ᠤᠨ ᠲᠣᠭᠤᠷᠢᠨ ᠪᠠᠶᠢᠴᠠᠭᠠᠯᠲᠠ ᠪᠠᠨ ᠴᠢᠩᠭᠠᠳᠬᠠᠵᠣ᠂ ᠠᠰᠠᠭᠤᠳᠠᠯ ᠢᠯᠡᠷᠡᠭᠦᠯᠪᠡᠯ ᠳᠣᠣᠷ᠎ᠠ ᠨᠢ ᠴᠡᠭᠴᠡᠯᠡᠨ ᠵᠠᠰᠠᠵᠣ᠂ ᠦᠶᠡᠷ ᠤᠨ ᠬᠤᠭᠤᠴᠠᠭ᠎ᠠ ᠶᠢ ᠠᠮᠣᠷ ᠲᠥᠪᠰᠢᠨ ᠥᠩᠭᠡᠷᠡᠭᠦᠯᠬᠦ ᠶᠢ ᠪᠠᠲᠣᠯᠠᠬᠤ ᠬᠡᠷᠡᠭᠲᠡᠢ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号