ᠦᠴᠦᠸᠠᠨ ᠰᠢᠶᠠᠨ ᠤ ᠵᠠᠰᠠᠭ ᠤᠨ ᠣᠷᠳᠤᠨ ᠮᠧᠨ ᠲᠸᠤ ᠭᠸᠤ ᠲᠣᠭᠤᠷᠢᠭ ᠲᠤ ᠬᠦᠷᠴᠤ ᠶᠠᠳᠠᠭᠤ ᠶᠢ ᠲᠡᠳᠬᠦᠬᠦ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2018-07-06
     6 ᠳ᠋ᠤᠭᠠᠷ ᠰᠠᠷ᠎ᠠ ᠶᠢᠨ 26 ᠤ ᠡᠳᠤᠷ ᠤᠨ ᠦᠳᠡ ᠶᠢᠨ ᠬᠤᠶᠢᠨ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ ᠨᠠᠷ ᠮᠧᠨ ᠲᠸᠤ ᠭᠸᠤ ᠲᠣᠭᠤᠷᠢᠭ ᠲᠤ ᠬᠦᠷᠴᠤ ᠶᠠᠳᠠᠭᠤ ᠶᠢ ᠲᠡᠳᠬᠦᠬᠦ ᠠᠵᠢᠯ ᠢ ᠵᠣᠯᠭᠠᠭᠤᠯᠪᠠ᠂ ᠮᠧᠨ ᠲᠸᠤ ᠭᠸᠤ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠲᠣᠭᠤᠷᠢᠭ ᠤᠨ ᠳᠡᠳ᠋ ᠳᠠᠷᠤᠭ᠎ᠠ ᠵᠠᠩ ᠰᠢᠩ ᠱᠧᠩ ᠰᠠᠭᠤᠳᠠᠯ ᠤᠨ ᠬᠤᠷᠠᠯ ᠳᠤ ᠣᠷᠤᠯᠴᠠᠬᠤ ᠶᠢᠨ ᠬᠠᠮᠲᠤ ᠪᠠᠷ᠎ᠠ ᠪᠣᠯᠵᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠪᠡ᠃      ᠬᠤᠷᠠᠯ ᠳᠡᠭᠡᠷ᠎ᠡ᠂ ᠲᠣᠭᠤᠷᠢᠭ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠲᠡᠭᠡᠷ᠎ᠡ ᠬᠠᠭᠠᠰ ᠵᠢᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠤᠨ ᠠᠬᠢᠴᠠ ᠶᠢᠨ ᠲᠤᠬᠠᠢ ᠬᠠᠷᠢᠭᠤ ᠮᠡᠳᠡᠭᠦᠯᠦᠯᠲᠡ ᠬᠢᠵᠤ᠂  ᠶᠢᠨ ᠴᠦᠨ ᠯᠢᠶᠠᠩ ᠮᠧᠨ ᠲᠸᠤ ᠭᠸᠤ ᠲᠣᠭᠤᠷᠢᠭ ᠤᠨ ᠲᠡᠭᠡᠷ᠎ᠡ ᠬᠠᠭᠠᠰ ᠵᠢᠯ ᠤᠨ ᠦᠴᠦᠸᠠᠨ ᠰᠢᠶᠠᠨ ᠢ ᠲᠡᠳᠬᠦᠨ ᠳᠡᠮᠵᠢᠭᠰᠡᠨ ᠦᠷ᠎ᠡ ᠪᠥᠲᠦᠭᠡᠯ ᠢ ᠵᠠᠷᠯᠠᠬᠤ ᠶᠢᠨ ᠬᠠᠮᠲᠤ ᠦᠨᠳᠦᠷ ᠦᠨᠡᠯᠡᠭᠡ ᠥᠭᠴᠤ᠂ ᠬᠤᠶᠠᠷ ᠲᠠᠯ᠎ᠠ ᠶᠢᠨ ᠠᠵᠤ ᠠᠬᠤᠶᠢᠯᠠᠯ ᠤᠨ ᠲᠥᠯᠦᠭᠡᠯᠡᠭᠴᠢ ᠠᠴᠠ ᠦᠪᠡᠷᠮᠢᠴᠡ ᠣᠨᠴᠠᠯᠢᠭ ᠪᠦᠬᠦᠢ ᠪᠥᠲᠦᠭᠡᠭᠳᠡᠬᠦᠨ ᠵᠢᠴᠢ ᠢᠳᠡᠭᠡᠨ ᠣᠮᠳᠠᠭᠠᠨ  ᠤ ᠦᠢᠯᠡᠰ ᠢ ᠪᠡᠭᠡᠵᠢᠩ ᠳᠤ ᠣᠷᠤᠭᠤᠯᠬᠤ ᠬᠠᠮᠲᠤᠷᠠᠯᠴᠠᠭᠠᠨ ᠤ ᠬᠡᠯᠪᠡᠷᠢ ᠶᠢᠨ ᠲᠤᠬᠠᠢ ᠰᠠᠨᠠᠯ ᠢᠶᠠᠨ ᠰᠣᠯᠢᠯᠴᠠᠪᠠ᠃      ᠵᠠᠩ ᠰᠢᠩ ᠱᠧᠩ ᠴᠢᠩᠭᠠᠳᠬᠠᠭᠰᠠᠨ ᠨᠢ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠶᠠᠳᠠᠭᠤ ᠶᠢ ᠲᠡᠳᠬᠦᠬᠦ ᠬᠠᠮᠲᠤᠷᠠᠯᠴᠠᠭᠠᠨ ᠤ ᠠᠵᠢᠯ ᠢ ᠬᠦᠨᠳᠦᠳᠬᠡᠨ ᠦᠵᠡᠵᠤ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠤᠨ ᠤ ᠶᠠᠳᠠᠭᠤ ᠶᠢ ᠲᠡᠳᠬᠦᠬᠦ ᠬᠦᠷᠢᠶ᠎ᠡ ᠬᠡᠪᠴᠢᠶᠡᠨ ᠳᠠᠬᠢ ᠠᠵᠢᠯ ᠤᠨ ᠱᠠᠭᠠᠷᠳᠠᠯᠭ᠎ᠠ ᠶᠢ ᠢᠳᠡᠪᠬᠢᠯᠡᠨ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠦᠪᠡᠷᠮᠢᠴᠡ ᠣᠨᠴᠠᠯᠢᠭ ᠪᠦᠬᠦᠢ ᠣᠯᠠᠨ ᠤ ᠠᠩᠬᠠᠷᠤᠯ ᠢ ᠲᠠᠲᠠᠬᠤᠶᠢᠴᠠ ᠵᠤᠭᠠᠴᠠᠯ ᠤᠨ ᠪᠦᠲᠦᠭᠡᠭᠳᠡᠬᠦᠨ ᠢ ᠡᠭᠦᠳᠴᠦ᠂ ᠦᠪᠡᠷᠮᠢᠴᠡ ᠣᠨᠴᠠᠯᠢᠭ ᠪᠦᠬᠦᠢ ᠦᠢᠯᠡᠳᠬᠦᠨ ᠵᠢᠴᠢ ᠢᠳᠡᠭᠡᠨ ᠤᠮᠳᠠᠭᠠᠨ ᠤ ᠦᠢᠯᠡᠰ ᠤᠨ ᠪᠡᠭᠡᠵᠢᠩ ᠳᠤ ᠣᠷᠤᠬᠤ ᠳᠤ ᠪᠠᠲᠤᠯᠠᠭ᠎ᠠ ᠬᠠᠩᠭᠠᠬᠤ ᠬᠡᠷᠡᠭᠲᠠᠢ᠃ ᠦᠴᠦᠸᠠᠨ ᠰᠢᠶᠠᠨ ᠲᠠᠢ ᠪᠦᠬᠦ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠦᠷᠨᠢᠭᠦᠯᠵᠤ᠂ ᠡᠯ᠎ᠡ ᠬᠤᠯᠪᠤᠭᠳᠠᠯ ᠪᠦᠬᠦᠢ ᠨᠢᠭᠡᠴᠡ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠤ ᠦᠢᠯᠡᠰ ᠵᠡᠷᠭᠡ ᠣᠯᠠᠨ ᠲᠠᠯ᠎ᠠ ᠪᠠᠷ ᠪᠦᠲᠦᠮᠵᠢᠲᠠᠢ ᠶᠠᠳᠠᠭᠤ ᠶᠢ ᠲᠡᠳᠬᠦᠬᠦ ᠠᠵᠢᠯᠯᠠᠭ᠎ᠠ ᠦᠷᠨᠢᠭᠦᠯᠬᠦ ᠬᠡᠷᠡᠭᠲᠠᠢ ᠭᠡᠪᠡ᠃      ᠬᠤᠷᠠᠯ ᠤᠨ ᠳᠠᠷᠠᠭ᠎ᠠ᠂ ᠵᠠᠩ ᠰᠢᠩ ᠱᠧᠩ ᠦᠴᠦᠸᠠᠨ ᠰᠢᠶᠠᠨ ᠤ ᠬᠢᠨ ᠳᠤ ᠪᠠᠷ᠎ᠠ ᠪᠣᠯᠵᠤ ᠮᠧᠨ ᠲᠸᠤ ᠭᠸᠤ ᠲᠣᠭᠤᠷᠢᠭ ᠤᠨ ᠰᠢᠨ ᠶᠤᠸᠠᠨ ᠵᠠᠬ᠎ᠠ᠂ ᠾᠸᠢ ᠱᠠᠨ ᠤ ᠳᠥᠭᠦᠮ ᠪᠦᠳᠦᠭᠦᠯᠢᠭ ᠣᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠵᠤ ᠬᠤᠳᠠᠯᠳᠤᠭᠠᠨ ᠤ ᠪᠡᠯᠡᠳᠬᠡᠮᠵᠢ ᠳᠤ ᠪᠤᠴᠠᠭᠠᠬᠤ ᠶᠢ ᠲᠤᠭᠤᠷᠢᠨ ᠦᠵᠡᠵᠤ᠂ ᠮᠧᠨ ᠲᠸᠤ ᠭᠸᠤ ᠲᠣᠭᠤᠷᠢᠭ ᠤᠨ ᠬᠤᠳᠠᠯᠳᠤᠭᠠᠨ ᠤ ᠪᠡᠯᠡᠳᠬᠡᠯ ᠲᠦᠬᠦᠭᠡᠷᠦᠮᠵᠢ ᠶᠢᠨ ᠪᠠᠶᠢᠳᠠᠯ  ᠳᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号