ᠰᠢᠨ᠎ᠡ ᠬᠤᠲᠠ ᠲᠣᠭᠤᠷᠢᠭ ᠤᠨ ᠣᠷᠴᠢᠨ ᠲᠣᠭᠤᠷᠢᠨ ᠢ ᠬᠠᠮᠠᠭᠠᠯᠠᠬᠤ ᠲᠣᠪᠴᠢᠶ᠎ᠠ ᠠᠴᠠ ᠣᠷᠴᠢᠨ ᠲᠣᠭᠤᠷᠢᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠳᠠᠷᠤᠢ ᠲᠦᠷᠭᠡᠨ ᠴᠡᠭᠴᠡᠯᠡᠨ ᠵᠠᠰᠠᠵᠠᠢ
ᠨᠡᠶᠢᠲᠡᠯᠡᠭᠰᠡᠨ ᠴᠠᠭ᠄
2018-07-06
      ᠰᠢᠨ᠎ᠡ ᠬᠤᠲᠠ ᠲᠣᠭᠤᠷᠢᠭ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠲᠣᠪᠴᠢᠶ᠎ᠠ ᠠᠴᠠ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠠᠵᠢᠯᠯᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠭᠰᠡᠨ ᠬᠡᠷᠡᠭ ᠢ ᠳᠠᠷᠦ᠋ᠢᠬᠠᠨ ᠪᠠᠶᠢᠴᠠᠭᠠᠵᠤ ᠳᠠᠷᠦ᠋ᠢᠬᠠᠨ ᠥᠭᠡᠷᠡᠴᠢᠯᠡᠵᠦ᠂ ᠪᠠᠶᠢᠴᠠᠭᠠᠬᠤ ᠵᠢᠨ‌‍ᠲ᠋ᠠᠭᠠᠤ ᠦᠭᠡᠷᠡᠴᠢᠯᠡᠨ  ᠰᠠᠶᠢᠵᠢᠷᠠᠭᠤᠯᠬᠤ ᠶᠢ ᠱᠠᠭᠠᠷᠳᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠵᠢᠨ‌‍ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠶᠢᠨ ᠲᠤᠰᠢᠶᠠ᠊ ᠦᠭᠴᠦ ᠰᠢᠢᠳᠪᠦᠷᠢᠯᠡᠭᠰᠡᠨ ᠠᠰᠠᠭᠤᠳᠠᠯ ᠢ ᠣᠯᠠᠨ ᠵᠦᠢᠯ ‍ᠤᠨ‌ᠠᠷᠭ᠎ᠠ ᠬᠡᠮᠵᠢᠶ᠎ᠡ ᠠᠪᠴᠤ ᠰᠠᠶᠢᠲᠤᠷ ᠰᠢᠢᠳᠪᠦᠷᠢᠯᠡᠨ᠂ ᠰᠢᠨ᠎ᠡ ᠬᠤᠲᠠ ᠲᠣᠭᠤᠷᠢᠭ ᠤᠨ ᠣᠷᠴᠢᠨ ᠠᠬᠤᠶ ᠶᠢ ᠬᠠᠮᠠᠭᠠᠯᠠᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂  ᠬᠠᠷᠢᠭᠤ ᠲᠤᠰᠬᠠᠬᠤ ᠵᠢᠴᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠤᠨ ᠬᠢᠵᠠᠭᠠᠷ ᠲᠤ ᠶᠠᠰᠤ ᠴᠢᠨᠠᠷ ᠢ ᠪᠠᠲᠤᠯᠠᠨ ᠪᠡᠶᠡᠯᠡᠭᠦᠯᠬᠦ   ᠪᠠᠷ  ᠴᠢᠷᠮᠠᠶᠢᠵᠠᠢ  ᠃       ᠰᠢᠨ᠎ᠡ ᠬᠤᠲᠠ ᠲᠣᠭᠤᠷᠢᠭ ᠤᠨ 809 ᠵᠡᠭᠡᠯᠢ ᠪᠣᠯ ᠠᠮᠲᠠᠲᠤ ᠢᠳᠡᠭᠡᠨ ᠤ ᠵᠡᠭᠡᠯᠢ ᠮᠦᠨ  ᠃ ᠨᠡᠶᠢᠲᠡ 24 ᠢᠳᠡᠭᠡᠨ ᠤᠮᠳᠠᠭᠠᠨ ᠤ ᠠᠵᠤ ᠠᠬᠤᠶᠢᠯᠠᠯ  ᠲᠠᠢ᠃  ᠵᠣᠨ ᠤ ᠴᠠᠭ ᠲᠤ ᠣᠯᠠᠨ ᠬᠤᠭᠤᠯᠠᠨ ᠭᠡᠷ ᠦᠷᠦᠭᠡᠨ ᠭᠠᠳᠠᠨᠠᠬᠢ ᠰᠢᠷᠠᠯᠠᠭ᠎ᠠ ᠬᠢᠵᠦ᠂ ᠬᠤᠭᠤᠯᠠ ᠢᠳᠡᠬᠦ ᠬᠥᠮᠦᠰ᠂  ᠬᠤᠭᠤᠯᠠᠨ ᠭᠡᠷ ᠤᠨ ᠪᠡᠯᠡᠳᠬᠡᠮᠵᠢ ᠤᠨ ᠱᠤᠤᠭᠢᠶᠠᠨ ᠶᠡᠭᠡ ᠪᠠᠶᠢᠵᠦ ᠂ ᠣᠨᠴᠠ ᠵᠠᠷᠢᠮ ᠬᠤᠭᠤᠯᠠᠨ ᠭᠠᠵᠠᠷ  ᠤᠨ ᠦᠯᠢᠶᠡᠭᠦᠷ ᠮᠠᠰᠢᠨ  ᠬᠠᠭᠤᠴᠢᠷᠠᠭᠰᠠᠨ ᠠᠴᠠ ᠳᠠᠭᠤᠨ ᠤ  ᠪᠣᠬᠢᠷᠳᠠᠯ ᠪᠤᠢ ᠪᠣᠯᠤᠭᠰᠠᠨ ᠶᠤᠮ᠃ 6 ᠰᠠᠷ᠎ᠠ ᠶᠢᠨ 9 ᠤ ᠡᠳᠦᠷ ᠰᠢᠨ᠎ᠡ ᠬᠤᠲᠠ ᠲᠣᠭᠤᠷᠢᠭ ᠲᠤ ᠳᠡᠭᠡᠳᠦ ᠱᠠᠲᠤᠨ ᠠᠴᠠ ᠲᠤᠰᠢᠶᠠᠭᠰᠠᠨ 809  ᠵᠡᠭᠡᠯᠢ ᠵᠢᠨ‌‍ᠲ᠋ᠣᠰᠣᠨ ᠤᠲᠤᠭᠠᠨ ᠤ ᠮᠠᠰᠢᠨ ᠤ ᠳᠠᠭᠤᠨ ᠪᠣᠬᠢᠷᠳᠤᠯ ᠤᠨ ᠬᠡᠷᠡᠭ ᠢ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠪᠠᠷ ᠣᠷᠴᠢᠨ ᠠᠬᠤᠶ ᠶᠢᠨ ᠬᠠᠮᠠᠭᠠᠯᠠᠯᠲᠠ ᠶᠢᠨ ᠲᠣᠪᠴᠢᠶᠠᠨ ᠪᠠ ᠰᠢᠨ᠎ᠡ ᠬᠤᠲᠠ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠶᠡᠷᠦᠩᠬᠡᠶᠢᠯᠡᠨ ᠴᠡᠭᠴᠡᠯᠡᠨ ᠵᠠᠰᠠᠵᠠᠢ᠃  ᠬᠦᠯᠢᠶᠡᠵᠦ ᠠᠪᠤᠭᠰᠠᠨ ᠤ ᠲᠤᠰ ᠤᠷᠤᠢ ᠨᠢ᠂ ᠰᠢᠨ᠎ᠡ ᠬᠤᠲᠠ ᠲᠣᠭᠤᠷᠢᠭ ᠤᠨ ᠣᠷᠴᠢᠨ ᠠᠬᠤᠶ ᠶᠢ  ᠬᠢᠨᠠᠨ ᠬᠡᠮᠵᠢᠯᠳᠡ ᠶᠢᠨ ᠠᠵᠢᠯᠲᠠᠨ 809 ᠵᠡᠭᠡᠯᠢ ᠶᠢᠨ ᠣᠷᠴᠢᠨ ᠲᠣᠭᠤᠷᠢᠨ ᠤ ᠱᠤᠤᠭᠢᠶᠠᠨ  ᠢ ᠬᠢᠨᠠᠨ ᠬᠡᠮᠵᠢᠬᠦ ᠳᠤ ᠡᠳᠦᠷ ᠤᠯᠤᠰ ᠤᠨ ᠪᠠᠷᠢᠮᠵᠢᠶ᠎ᠠ ᠠᠴᠠ ᠳᠣᠣᠷ᠎ᠠ ᠪᠠᠶᠢᠵᠦ᠂ ᠰᠥᠨᠢ ᠶᠢᠨ ᠱᠤᠤᠭᠢᠶᠠᠨ ᠪᠠᠷᠢᠮᠵᠢᠶ᠎ᠠ ᠠᠴᠠ ᠪᠠᠭ᠎ᠠ ᠬᠡᠲᠦᠷᠡᠭᠰᠡᠨ ᠪᠠᠶᠢᠳᠠᠯ ᠲᠠᠢ᠂  ᠡᠭᠦᠨ  ᠳᠤ ᠲᠣᠭᠲᠠᠭᠰᠠᠨ ᠬᠤᠭᠤᠴᠠᠭ᠎ᠠ ᠳᠤ ᠴᠡᠭᠴᠡᠯᠡᠨ ᠥᠭᠡᠷᠡᠴᠢᠯᠡᠬᠦ ᠮᠡᠳᠡᠭᠳᠡᠯ  ᠪᠠᠭᠤᠯᠭᠠᠵᠦ  ᠂ ᠴᠡᠭᠴᠡᠯᠡᠨ ᠥᠭᠡᠷᠡᠴᠢᠯᠡᠬᠦ ᠠᠵᠢᠯ ᠰᠠᠷ᠎ᠠ ᠶᠢᠨ 11 ᠤ ᠡᠳᠦᠷ ᠡᠬᠢᠯᠡᠵᠦ᠂ ᠣᠳᠣ ᠬᠡᠳᠦᠨ ᠠᠰᠠᠷ ᠢ ᠨᠢᠭᠡᠨᠲᠡ ᠬᠡᠰᠡᠭ ᠠᠰᠠᠷ ᠤᠨ ᠤᠷᠦᠢ ᠳᠡᠭᠡᠷ᠎ᠡ ᠳᠠᠭᠤ ᠬᠠᠯᠬᠠᠯᠠᠬᠤ ᠱᠤᠤᠭᠢᠶᠠᠨ ᠰᠡᠷᠭᠡᠶᠢᠯᠡᠬᠦ ᠲᠥᠬᠦᠭᠡᠷᠦᠮᠵᠢ ᠲᠠᠭᠠᠷᠠᠭᠤᠯᠵᠦ ᠪᠠᠶᠢᠨ᠎ᠠ᠃ ᠴᠡᠭᠴᠡᠯᠡᠨ ᠥᠭᠡᠷᠡᠴᠢᠯᠡᠬᠦ ᠢᠨᠵᠧᠨᠧᠷᠢᠩ ᠪᠡᠶᠡᠯᠡᠭᠦᠯᠦᠭᠰᠡᠨ ᠤ ᠲᠠᠷᠠᠭ᠎ᠠ᠂  ᠣᠷᠴᠢᠨ ᠲᠣᠭᠤᠷᠢᠨ ᠤ ᠱᠤᠤᠭᠢᠶᠠᠨ ᠤ ᠬᠢᠨᠠᠨ ᠬᠡᠮᠵᠢᠵᠦ  ᠂ ᠪᠠᠷᠢᠮᠵᠢᠶ᠎ᠠ  ᠠᠴᠠ ᠳᠣᠣᠷ᠎ᠠ  ᠪᠠᠶᠢᠯᠭᠠᠵᠤ᠂ 24 ᠬᠤᠭᠤᠯᠠᠨ ᠭᠡᠷ ᠤᠨ ᠴᠡᠭᠴᠡᠯᠡᠨ ᠥᠭᠡᠷᠡᠴᠢᠯᠡᠬᠦ ᠠᠵᠢᠯ 7 —10 ᠡᠳᠦᠷ ᠤᠨ ᠣᠷᠴᠢᠮ ᠪᠦᠬᠦᠨ ᠢ ᠪᠡᠶᠡᠯᠡᠭᠦᠯᠬᠦ ᠬᠡᠷᠡᠭᠲᠡᠶ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号