| | | | | | | | | | 7 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠵᠠᠩ ᠱᠣᠣ ᠴᠦᠨ ᠨᠠᠷ ᠴᠢᠩ ᠱᠦᠢ ᠾᠧ ᠰᠢᠶᠠᠨ ᠤ ᠳᠡᠭᠡᠷ᠎ᠡ ᠬᠠᠭᠠᠰ ᠵᠢᠯ ᠤᠨ ᠠᠵᠤ | ᠦᠢᠯᠡᠳᠪᠦᠷᠢ ᠠᠵᠤ ᠠᠬᠤᠶ ᠶᠢᠨ ᠠᠵᠢᠯᠯᠠᠭ᠎ᠠ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠪᠠᠶᠢᠳᠠᠯ ᠤᠨ ᠲᠤᠬᠠᠶ | ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠪᠢ ᠭᠦᠸᠧ ᠴᠧᠨ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠱᠠᠨ ᠴᠢᠤᠸᠠᠨ᠂ | ᠰᠢᠶᠠᠨ ᠤ ᠳᠡᠳ᠋ ᠳᠠᠷᠤᠭ᠎ᠠ ᠱᠢ ᠶᠦᠩ ᠫᠢᠩ ᠵᠡᠷᠭᠡ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠴᠣᠣ ᠲᠡᠮᠳᠡᠭᠲᠦ | ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠡᠳᠤ ᠨᠠᠷᠠᠯᠢᠭ | ᠴᠠᠭᠠᠨ ᠴᠠᠭᠠᠨ ᠰᠢᠷᠤᠢ ᠤᠯᠠᠶᠢᠰᠬᠠᠬᠤ ᠲᠥᠷᠥᠯ ᠵᠦᠢᠯ ᠤᠨ ᠢᠨᠵᠧᠨᠧᠷᠢᠩ᠂ ᠥᠪᠥᠷ ᠮᠣᠩᠭᠤᠯ ᠤᠨ ᠲᠢᠶᠠᠨ ᠬᠤᠣ | ᠱᠦᠢᠨᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠱᠦᠢᠨᠢ ᠶᠢᠨ ᠪᠣᠯᠭᠤᠮᠠᠯ ᠮᠠᠲ᠋ᠧᠷᠢᠶᠠᠯ ᠤᠨ | ᠦᠢᠯᠡᠳᠪᠦᠷᠢᠯᠡᠯ ᠤᠨ ᠱᠤᠭᠤᠮ ᠬᠢᠭᠡᠳ ᠴᠢᠩ ᠱᠦᠢ ᠾᠧ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ | ᠬᠤᠷᠰᠢᠶᠠᠨ ᠤ ᠬᠤᠯᠪᠣᠭᠠᠲᠤ ᠬᠤᠷᠰᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠲᠦᠷᠣᠯ ᠵᠦᠢᠯ ᠤᠨ ᠲᠥᠯᠥᠪᠵᠢᠭᠦᠯᠭᠡ᠂ ᠦᠢᠯᠡᠳᠪᠦᠷᠢᠯᠡᠵᠦ ᠡᠳ᠋ᠰᠢᠭᠦᠯᠬᠦ᠂ ᠵᠠᠬ᠎ᠠ | ᠳᠡᠯᠭᠡᠭᠦᠷ ᠲᠤ ᠪᠣᠷᠣᠯᠠᠭᠤᠯᠬᠤ᠂ ᠦᠢᠯᠡᠳᠬᠦᠨ ᠢ ᠰᠤᠳᠤᠯᠤᠨ ᠨᠡᠭᠡᠭᠡᠬᠦ ᠵᠢᠴᠢ ᠪᠠᠩᠬᠢ ᠶᠢᠨ ᠦᠢᠯᠡᠰ ᠤᠨ | ᠬᠠᠳᠠᠭᠠᠯᠠᠮᠵᠢ ᠪᠣᠯᠤᠨ ᠵᠢᠭᠡᠯᠡᠯᠭᠡ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠭᠠᠭᠰᠠᠨ ᠪᠥᠭᠡᠳ ᠰᠠᠨᠠᠯ | ᠰᠠᠨᠠᠭᠤᠯᠭ᠎ᠠ ᠪᠠᠨ ᠰᠣᠯᠢᠯᠴᠠᠪᠠ᠃ | ᠣᠶᠢᠯᠠᠭᠠᠭᠰᠠᠨ ᠢᠶᠠᠷ᠂ 2018 ᠣᠨ ᠠᠴᠠ ᠨᠠᠰᠢ᠂ ᠨᠡᠭᠦᠷᠡᠰᠦ᠂ ᠴᠠᠬᠢᠯᠠᠭᠤᠷ ᠴᠢᠯᠠᠭᠤ᠂ ᠱᠦᠢᠨᠢ ᠶᠢᠨ | ᠠᠵᠢᠯ ᠲᠥᠷᠥᠯ ᠤᠨ ᠦᠨ᠎ᠡ ᠬᠠᠩᠰᠢ ᠶᠢᠨ ᠥᠰᠦᠭᠰᠡᠨ ᠨᠥᠯᠥᠭᠡ ᠪᠠᠷ᠂ ᠠᠵᠤ ᠦᠢᠯᠡᠳᠪᠦᠷᠢ ᠠᠵᠤ ᠠᠬᠤᠶ ᠶᠢᠨ | ᠪᠣᠷᠣᠯᠠᠭᠤᠯᠭ᠎ᠠ ᠶᠢᠨ ᠪᠠᠶᠢᠳᠠᠯ ᠰᠠᠶᠢᠵᠢᠷᠠᠪᠠ᠃ ᠪᠦᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ 14 ᠠᠵᠤ | ᠦᠢᠯᠡᠳᠪᠦᠷᠢ ᠶᠢᠨ ᠠᠵᠤ ᠠᠬᠤᠶᠢᠯᠠᠯ᠂ 1 — 5 ᠳ᠋ᠤᠭᠠᠷ ᠰᠠᠷ᠎ᠠ ᠳᠤ ᠤᠢᠢᠯᠡᠳᠭᠦᠨ ᠤ ᠪᠦ᠋ᠬᠦ ᠦᠷᠳᠡᠭ ᠢ 17.7 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 123.7% ᠨᠡᠮᠡᠭᠳᠡᠪᠡ᠃ ᠠᠵᠤ | ᠦᠢᠯᠡᠳᠪᠦᠷᠢ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 1 — 5 ᠳ᠋ᠤᠭᠠᠷ ᠰᠠᠷ᠎ᠠ ᠳᠤ 0.68 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 43.8% ᠪᠠᠭᠤᠷᠠᠪᠠ᠃ ᠣᠳᠣᠬᠠᠨ᠂ | ᠪᠦᠭᠦ ᠰᠢᠶᠠᠨ ᠳᠤ ᠬᠥᠳᠡᠭᠡ ᠠᠵᠤ ᠠᠬᠤᠶ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ | ᠰᠢᠦᠳᠠᠨ ᠤ ᠶᠠᠪᠤᠳᠠᠯ ᠤᠨ ᠬᠠᠳᠠᠭᠠᠯᠠᠮᠵᠢ ᠶᠢᠨ ᠪᠠᠶᠢᠭᠤᠯᠤᠮᠵᠢ ᠪᠣᠯᠣᠨ ᠬᠥᠳᠡᠭᠡ ᠲᠣᠰᠬᠤᠨ ᠤ ᠢᠲᠡᠭᠡᠮᠵᠢ ᠶᠢᠨ | ᠬᠤᠷᠰᠢᠶᠠᠨ ᠤ ᠬᠤᠯᠪᠣᠭᠠᠲᠤ ᠬᠤᠷᠰᠢᠶ᠎ᠠ ᠵᠡᠷᠭᠡ ᠲᠦᠷᠪᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠵᠤ᠂ 5 | ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠰᠢᠶᠠᠨ ᠤ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ ᠨᠢ | ᠨᠡᠶᠢᠲᠡ 51.19 ᠳ᠋ᠦᠩᠰᠢᠭᠤᠷ ᠲᠥᠭᠦᠷᠢᠭ ᠬᠦᠷᠴᠦ᠂ ᠵᠢᠯ ᠤᠨ ᠡᠬᠢᠨ ᠤ ᠠᠴᠠ 1.8 ᠳ᠋ᠦᠩᠰᠢᠭᠤᠷ ᠲᠥᠭᠦᠷᠢᠭ | ᠬᠠᠰᠤᠭᠳᠠᠵᠤ᠂ 3.34% ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 1.06% ᠨᠡᠮᠡᠭᠳᠡᠪᠡ᠃ ᠪᠦᠬᠦ | ᠰᠢᠶᠠᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ ᠨᠡᠶᠢᠲᠡ 27.48 ᠳ᠋ᠦᠩᠰᠢᠭᠤᠷ ᠲᠥᠭᠦᠷᠢᠭ ᠲᠤ ᠬᠦᠷᠴᠦ᠂ | ᠵᠢᠯ ᠤᠨ ᠡᠬᠢᠨ ᠤ ᠬᠢ ᠠᠴᠠ 0.09 ᠳ᠋ᠦᠩᠰᠢᠭᠤᠷ ᠲᠥᠭᠦᠷᠢᠭ ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ | 13.12 ᠨᠡᠮᠡᠭᠳᠡᠵᠦ᠂ ᠪᠦᠬᠦ ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠣᠯᠤᠨ | ᠵᠢᠭᠡᠯᠡᠯᠭᠡ ᠶᠢᠨ ᠬᠠᠷᠢᠴᠠᠯ ᠨᠢ 52.65% ᠪᠣᠯᠣᠨ᠎ᠠ᠃ | | |