ᠰᠠᠭᠤᠭᠠᠯᠢ ᠠᠷᠠᠳ ᠤᠨ ᠬᠤᠷᠢᠶᠠᠯᠠᠯ ᠨᠠᠮ ᠤᠨ ᠪᠠᠶᠢᠭᠤᠯᠤᠯᠲᠠ ᠶᠢᠨ ᠡᠩᠨᠡᠭᠡ ᠲᠠᠢ ᠪᠣᠯᠪᠠ
ᠨᠡᠶᠢᠲᠡᠯᠡᠭᠰᠡᠨ ᠴᠠᠭ᠄
2018-07-06
             
     ᠢᠦᠶ ᠴᠢᠤᠸᠠᠨ ᠲᠣᠭᠤᠷᠢᠭ ᠤᠨ ᠴᠠᠩ ᠾᠧ ᠯᠠᠩ ᠵᠡᠭᠡᠯᠢ ᠭᠤᠳᠤᠮᠵᠢ ᠶᠢᠨ ᠬᠤᠮᠰᠢᠮ ᠪᠣᠳᠢᠰᠠᠳ᠋ᠸ᠎ᠠ ᠶᠢᠨ ᠰᠦᠮ᠎ᠡ ᠨᠡᠶᠢᠭᠡᠮ ᠲᠣᠭᠤᠷᠢᠭ ᠲᠤ ᠠᠩᠬᠠᠳᠠᠭᠴᠢ ᠬᠤᠷᠢᠶᠠᠯᠠᠯ ᠤᠨ ᠨᠠᠮ ᠤᠨ ᠡᠭᠦᠷ  ᠪᠣᠯᠬᠤ ᠶᠢᠨ ᠾᠧ ᠬᠤᠷᠢᠶᠠᠯᠠᠯ ᠤᠨ ᠨᠠᠮ ᠤᠨ ᠡᠭᠦᠷ  ᠵᠢᠩᠬᠢᠨᠢ ᠪᠠᠷ ᠪᠠᠶᠢᠭᠤᠯᠤᠭᠳᠠᠵᠤ᠂ ᠬᠤᠷᠢᠶᠠᠯᠠᠯ ᠤᠨ ᠨᠠᠮ ᠤᠨ ᠭᠡᠰᠢᠭᠦᠨ ᠭᠡᠷ ᠤᠨ ᠳᠡᠷᠭᠡᠳᠡ ᠪᠠᠨ ᠰᠤᠷᠤᠯᠴᠠᠬᠤ᠂ ᠠᠵᠢᠯᠯᠠᠭᠠᠨ ᠤ ᠲᠠᠯᠠᠪᠤᠷ ᠲᠠᠢ ᠪᠣᠯᠵᠤ᠂ ᠨᠠᠮ ᠤᠨ ᠪᠠᠶᠢᠭᠤᠯᠤᠯᠲᠠ ᠶᠢᠨ ᠡᠩᠨᠡᠭᠡ ᠤᠯᠠᠮ ᠨᠢᠭᠡ ᠠᠯᠬᠤᠮ ᠤᠯᠠᠨ ᠲᠦᠮᠡᠨ  ᠤ ᠳᠣᠮᠳᠠ  ᠭᠦᠨᠵᠡᠭᠡᠶᠢᠷᠡᠵᠡᠢ᠃       ᠶᠢᠨ ᠾᠧ ᠵᠢᠴᠢ ᠡᠷᠬᠢᠨ ᠲᠣᠭᠤᠷᠢᠨ ᠤ  ᠬᠤᠷᠢᠶᠠᠯᠠᠯ  ᠳᠤ  ᠲᠡᠮᠳᠡᠭᠯᠡᠭᠳᠡᠵᠦ ᠪᠠᠶᠢᠭ᠎ᠠ ᠨᠠᠮ ᠤᠨ ᠭᠡᠰᠢᠭᠦᠨ ᠨᠡᠶᠢᠲᠡ 16  ᠪᠠᠶᠢᠵᠤ᠂ ᠡᠭᠦᠨ ᠤ ᠳᠡᠭᠡᠷ᠎ᠡ ᠠᠵᠢᠯᠯᠠᠵᠤ ᠪᠠᠶᠢᠭ᠎ᠠ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠨᠡᠶᠢᠲᠡ 46  ᠪᠠᠶᠢᠳᠠᠭ᠃ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ᠂ ᠳᠣᠲᠣᠭᠠᠳᠤ ᠪᠠᠷᠢᠯᠳᠤᠯ ᠤᠨ ᠬᠦᠴᠦ ᠢ ᠨᠡᠩ ᠰᠠᠶᠢᠲᠤᠷ ᠥᠷᠨᠢᠭᠦᠯᠬᠦ ᠶᠢᠨ ᠲᠤᠰᠠᠳᠠ᠂   ᠶᠢᠨ ᠾᠧ ᠬᠤᠷᠢᠶᠠᠯᠠᠯ ᠤᠨ ᠨᠠᠮ ᠤᠨ ᠡᠭᠦᠷ  ᠪᠠᠶᠢᠭᠤᠯᠤᠭᠳᠠᠭᠰᠠᠨ ᠤ ᠡᠬᠢᠨ   ᠳᠤ ᠡᠩᠨᠡᠭᠡ ᠶᠢᠨ ᠪᠠᠶᠢᠭᠤᠯᠤᠯᠲᠠ ᠶᠢ ᠨᠠᠮ ᠤᠨ ᠡᠭᠦᠷ  ᠪᠠᠶᠢᠭᠤᠯᠤᠭᠳᠠᠭᠰᠠᠨ ᠤ ᠳᠠᠷᠠᠭᠠᠬᠢ ᠨᠢᠭᠡᠳᠦᠭᠡᠷ ᠶᠡᠭᠡ ᠶᠠᠪᠤᠳᠠᠯ ᠪᠣᠯᠭᠠᠵᠣ᠂ ᠤᠤᠯ ᠤᠨ ᠡᠭᠦᠳᠡᠨ ᠭᠡᠷ  ᠢ ᠵᠠᠰᠠᠵᠤ  ᠬᠤᠷᠢᠶᠠᠯᠠᠯ ᠤᠨ ᠨᠠᠮ ᠤᠨ ᠡᠭᠦᠷ ᠤᠨ ᠠᠵᠢᠯᠯᠠᠭ᠎ᠠ ᠶᠢᠨ ᠭᠠᠵᠠᠷ ᠪᠤᠯᠭᠠᠵᠤ᠂ ᠨᠠᠮ ᠤᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠂ ᠰᠢᠨ᠎ᠡ ᠴᠠᠭ ᠦᠶ᠎ᠡ ᠶᠢᠨ ᠡᠭᠦᠷᠭᠡ ᠵᠡᠷᠭᠡ ᠠᠭᠤᠯᠭ᠎ᠠ  ᠶᠢᠨ ᠵᠢᠷᠤᠭ ᠢ ᠶᠢᠨ ᠾᠧ ᠬᠤᠷᠢᠶᠠᠯᠠᠯ ᠤᠨ ᠨᠠᠮ ᠤᠨ ᠡᠭᠦᠷ ᠤᠨ ᠠᠵᠢᠯᠯᠠᠭ᠎ᠠ ᠶᠢᠨ ᠭᠠᠵᠠᠷ ᠤᠨ ᠬᠡᠷᠡᠮ ᠳᠡᠭᠡᠷ᠎ᠡ  ᠨᠠᠭᠠᠵᠠᠢ᠃      ᠣᠳᠣᠬᠠᠨ ᠳᠤ ︽ᠬᠡᠷᠡᠭᠯᠡᠭᠡᠨ ᠤ ᠮᠣᠩᠭᠤᠯ ᠬᠡᠯᠡ︾᠂  ᠲᠠᠯ᠎ᠠ ᠨᠤᠲᠤᠭ ᠤᠨ ᠭᠥᠩᠭᠡᠨ ᠮᠣᠷᠢᠲᠤ ᠴᠡᠷᠢᠭ ᠬᠤᠷᠢᠶᠠᠯᠠᠯ ᠳᠤ  ᠣᠷᠣᠬᠤ᠂  ᠠᠵᠢᠯᠯᠠᠵᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠣᠷᠣᠬᠤ ᠵᠡᠷᠭᠡ ᠠᠵᠢᠯᠯᠠᠭ᠎ᠠ ᠡᠮᠬᠢ ᠳᠢᠭᠯᠢᠮ ᠲᠠᠢ ᠶᠠᠪᠤᠭᠳᠠᠵᠤ ᠪᠠᠶᠢᠨ᠎ᠠ᠃ ᠡᠷᠡᠭᠦᠯ ᠮᠡᠨᠳᠦ ᠪᠡᠶ᠎ᠡ ᠰᠤᠪᠢᠯᠠᠬᠤ ᠶᠡᠷᠦ ᠶᠢᠨ ᠮᠡᠳᠡᠯᠭᠡ᠂ ᠤᠯᠠᠮᠵᠢᠯᠠᠯᠲᠤ ᠰᠣᠶᠣᠯ ᠰᠤᠷᠭᠠᠨ ᠬᠥᠮᠦᠵᠢᠯ ᠵᠡᠷᠭᠡ ᠠᠵᠢᠯᠯᠠᠭ᠎ᠠ ᠶᠢᠨ ᠠᠭᠤᠯᠭ᠎ᠠ ᠵᠠᠯᠭᠠᠪᠡᠷ ᠬᠤᠷᠢᠶᠠᠯᠠᠯ ᠤᠨ ᠨᠠᠮ ᠤᠨ ᠡᠭᠦᠷ ᠤᠨ ᠠᠵᠢᠯᠯᠠᠭ᠎ᠠ ᠳᠤ ᠣᠷᠣᠵᠤ᠂  ᠨᠡᠩ  ᠣᠯᠠᠨ ᠰᠠᠭᠤᠭᠠᠯᠢ ᠠᠷᠠᠳ  ᠤᠨ ᠨᠠᠮ ᠤᠨ ᠭᠡᠰᠢᠭᠦᠨ  ᠳᠤ ᠲᠦᠷᠦᠯ ᠬᠤᠪᠢᠶᠠᠨ  ᠦᠢᠯᠡᠴᠢᠯᠡᠨ᠎ᠡ᠃      ᠰᠤᠷᠠᠭ ᠴᠢᠮᠡᠭᠡ ᠪᠠᠷ᠂ ᠢᠦᠶ ᠴᠢᠤᠸᠠᠨ ᠲᠣᠭᠤᠷᠢᠭ ᠤᠨ ᠴᠠᠩ ᠾᠧ ᠯᠠᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ  ᠵᠦᠪᠯᠡᠯ ᠠᠯᠬᠤᠮ ᠠᠯᠬᠤᠮ ᠢᠶᠠᠷ ᠨᠥᠬᠦᠴᠡᠯ  ᠪᠦᠷᠢᠯᠳᠦᠭᠰᠡᠨ ᠠᠰᠠᠷ ᠤᠨ ᠬᠤᠨᠭ᠍ᠬᠢᠯ ᠳᠤ ᠠᠰᠠᠷ ᠤᠨ ᠬᠤᠩᠬᠢᠯ ᠤᠨ ᠨᠠᠮ ᠤᠨ ᠪᠠᠭ᠎ᠠ ᠳᠤᠭᠤᠶᠢᠯᠠᠩ ᠪᠠᠶᠢᠭᠤᠯᠤᠨ᠂ ︽ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ — ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ — ᠬᠤᠷᠢᠶᠠᠯᠠᠯ ᠤᠨ ᠨᠠᠮ ᠤᠨ ᠡᠭᠦᠷ — ᠠᠰᠠᠷ ᠤᠨ ᠨᠠᠮ ᠤᠨ ᠪᠠᠭ᠎ᠠ ᠳᠤᠭᠤᠶᠢᠯᠠᠩ︾ ᠲᠦᠷᠪᠡᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠬᠤ ᠱᠤᠭᠤᠮ ᠢ ᠪᠠᠶᠢᠭᠤᠯᠵᠤ᠂ ︽ᠤᠯᠠᠭᠠᠨ ᠲᠤᠭ ᠨᠠᠮᠢᠷᠠᠭᠤᠯᠤᠨ ᠪᠠᠬᠢᠯᠡᠯᠲᠡ  ᠪᠠᠶᠢᠭᠤᠯᠤᠨ᠂ ᠭᠠᠯ ᠬᠠᠯᠠᠭᠤᠨ ᠰᠡᠳᠭᠢᠯ ᠢᠶᠠᠷ ᠨᠠᠮ ᠤᠨ ᠬᠦᠴᠦᠷᠬᠡᠭ ᠡᠩᠨᠡᠭᠡᠨ ᠳᠤ ᠵᠤᠷᠢᠭᠤᠯᠤᠨ᠂  ᠬᠤᠪᠢᠰᠬᠠᠯ ᠤᠨ ᠵᠣᠷᠢᠭ ᠰᠠᠨᠠᠭ᠎ᠠ  ᠪᠠᠷ ᠬᠥᠲᠥᠯᠥᠨ ᠳᠠᠭᠠᠭᠤᠯᠵᠤ ᠬᠥᠭᠵᠢᠯᠲᠡ ᠶᠢ ᠠᠬᠢᠭᠤᠯᠬᠤ︾ ᠭᠤᠷᠪᠠᠨ ᠤᠯᠠᠭᠠᠨ ᠣᠶᠢᠯᠠᠭᠠᠭᠳᠠᠬᠤᠨ ᠢᠶᠠᠷ ᠳᠠᠮᠵᠢᠨ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ  ᠪᠠᠳᠠᠷᠠᠭᠤᠯᠵᠤ᠂  ᠭᠤᠤᠯᠳᠠᠭᠤ ᠦᠢᠯᠡᠴᠢᠯᠡᠭᠡᠨ ᠤ ᠬᠢᠷᠢ ᠬᠡᠮᠵᠢᠶ᠎ᠡ  ᠪᠠᠨ ᠳᠡᠭᠡᠭᠰᠢᠯᠡᠭᠦᠯᠬᠦ᠂ ᠬᠥᠷᠰᠢ ᠰᠠᠬᠠᠭᠠᠯᠳᠠ ᠪᠠᠷ ᠢᠶᠠᠨ ᠡᠶ᠎ᠡ ᠨᠠᠶᠢᠷᠲᠠᠶ᠂ ᠬᠤᠷᠢᠶᠠᠯᠠᠯ ᠤᠨ ᠣᠷᠴᠢᠨ  ᠨᠦᠬᠦᠴᠡᠯ ᠢ ᠵᠠᠰᠠᠬᠤ ᠵᠡᠷᠭᠡ ᠲᠠᠯ᠎ᠠ ᠪᠠᠷ ᠬᠦᠴᠦ ᠲᠠᠯᠪᠢᠨ᠎ᠠ᠃ ᠨᠠᠮ ᠤᠨ ᠭᠡᠰᠢᠭᠦᠨ ᠢ ᠪᠦᠲᠦᠮᠵᠢᠲᠡᠶ ᠬᠥᠲᠥᠯᠥᠨ ᠵᠢᠯᠣᠭᠤᠳᠴᠤ ᠰᠠᠨᠠᠭᠠᠴᠢᠯᠠᠭ᠎ᠠ ᠠᠴᠠ ᠪᠠᠨ ᠦᠢᠯᠡᠳᠦᠯ ᠭᠠᠷᠭᠠᠵᠤ᠂ ᠠᠵᠢᠯ ᠠᠴᠠ ᠪᠠᠨ  ᠪᠠᠭᠤᠭᠰᠠᠨ ᠺᠠᠳ᠋ᠷᠴᠤᠳ ᠬᠦᠴᠦ ᠪᠠᠨ ᠨᠡᠮᠡᠷᠢᠯᠡᠨ᠂ ᠰᠠᠭᠤᠭᠠᠯᠢ ᠠᠷᠠᠳ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠬᠠᠷᠢᠯᠴᠠᠭᠠᠨ ᠤ ᠳᠠᠮᠵᠢᠭᠤᠯᠤᠭᠴᠢ ᠪᠤᠯᠵᠤ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ︽ᠬᠠᠮᠤᠭ ᠰᠡᠭᠦᠯᠴᠢ ᠶᠢᠨ ᠵᠠᠭᠤᠨ ᠮᠧᠲᠷ︾ ᠢ  ᠨᠡᠪᠲᠡᠷᠡᠭᠦᠯᠦᠨ᠂ ᠰᠠᠭᠤᠭᠠᠯᠢ ᠠᠷᠠᠳ ᠲᠤ ᠦᠢᠯᠡᠴᠢᠯᠡᠬᠦ᠂ ᠨᠠᠮ ᠤᠨ ᠭᠡᠰᠢᠭᠦᠨ ᠳᠤ ᠦᠢᠯᠡᠴᠢᠯᠡᠬᠦ᠂ ᠬᠤᠷᠢᠶᠠᠯᠠᠯ ᠳᠤ ᠦᠢᠯᠡᠴᠢᠯᠡᠬᠦ ᠪᠠᠷ ᠵᠣᠷᠢᠯᠭ᠎ᠠ ᠪᠣᠯᠭᠠᠵᠤ᠂ ᠬᠤᠷᠢᠶᠠᠯᠠᠯ ᠤᠨ ᠰᠠᠭᠤᠭᠠᠯᠢ ᠠᠷᠠᠳ ᠤᠨ ᠲᠤᠰᠬᠠᠭᠰᠠᠨ ᠠᠩᠬᠠᠷᠤᠯ ᠢ ᠲᠠᠲᠠᠭᠰᠠᠨ ᠠᠰᠠᠭᠤᠳᠠᠯ᠂ ᠬᠦᠴᠢᠷ ᠲᠦᠪᠡᠭᠲᠡᠶ ᠠᠰᠠᠭᠤᠳᠠᠯ  ᠢ ᠬᠦᠴᠦᠯᠡᠨ ᠰᠢᠢᠳᠪᠦᠷᠢᠯᠡᠵᠦ ᠂  ᠬᠤᠷᠢᠶᠠᠯᠠᠯ ᠤᠨ ᠠᠵᠢᠯᠯᠠᠵᠤ ᠪᠠᠶᠢᠭ᠎ᠠ ᠨᠠᠮ ᠤᠨ ᠭᠡᠰᠢᠭᠦᠨ᠂ ᠰᠢᠯᠵᠢᠮᠡᠯ ᠨᠠᠮ ᠤᠨ ᠭᠡᠰᠢᠭᠦᠨ ᠪᠠ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠢ ᠬᠠᠷᠢᠶᠠᠯᠠᠭᠳᠠᠬᠤ ᠰᠡᠳᠬᠢᠯᠭᠡ ᠲᠠᠢ ᠪᠣᠯᠭᠠᠵᠤ᠂ ᠬᠤᠰᠢᠭᠤᠴᠢ ᠵᠢᠱᠢᠶᠡᠴᠢ ᠪᠣᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠬᠤᠷᠢᠶᠠᠯᠠᠯ ᠤᠨ ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠳᠤᠮᠳᠠ ᠨᠡᠩ ᠶᠡᠭᠡ ᠦᠢᠯᠡᠳᠦᠯ ᠢᠶᠠᠨ ᠪᠠᠳᠠᠷᠠᠭᠤᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号