ᠦᠴᠦᠸᠠᠨ ᠰᠢᠶᠠᠨ ᠤ ᠶᠠᠳᠠᠭᠤ ᠶᠢ ᠲᠡᠳᠬᠦᠵᠤ ᠨᠡᠭᠡᠭᠡᠨ ᠬᠥᠭᠵᠢᠭᠦᠯᠬᠦ ᠤᠳᠤᠷᠢᠳᠬᠤ ᠲᠤᠭᠤᠶᠢᠯᠠᠩ ᠨᠠᠢᠮᠠᠳᠤᠭᠠᠷ ᠤᠳᠠᠭᠠᠨ ᠤ ᠶᠠᠳᠠᠭᠤ ᠶᠢ ᠲᠡᠳᠬᠦᠬᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-07-06
   
     7 ᠳ᠋ᠣᠭᠠᠷ ᠰᠠᠷ᠎ᠠ ᠶᠢᠨ 2 ᠤ ᠡᠳᠤᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ ᠦᠴᠦᠸᠠᠨ ᠰᠢᠶᠠᠨ ᠤ ᠶᠠᠳᠠᠭᠤ ᠶᠢ ᠲᠡᠳᠬᠦᠵᠤ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠨᠠᠢᠮᠠᠳᠤᠭᠠᠷ ᠤᠳᠠᠭᠠᠨ ᠤ ᠶᠠᠳᠠᠭᠤ ᠶᠢ ᠲᠡᠳᠬᠦᠬᠦ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠂ ᠬᠠᠳᠠ᠂ ᠵᠣᠣ ᠵᠦᠩ᠂ ᠰᠢᠤᠢ ᠶᠢᠨ ᠭᠸᠤ᠂ ᠯᠢᠦ ᠳ᠋ᠦᠩ ᠱᠧᠩ᠂ ᠰᠢᠶᠧ ᠴᠢᠤᠢ ᠫᠢᠩ᠂ ᠰᠢᠤᠢ ᠲᠢᠶᠠᠨ ᠫᠢᠩ᠂ ᠶᠤᠸᠠᠨ ᠪᠥᠸᠧ᠂ ᠼᠤᠤ ᠽᠢ ᠯᠢ᠂ ᠢᠤᠢ ᠷᠦᠢ᠂ ᠵᠠᠩ ᠬᠠᠢ ᠲᠣᠥ᠂ ᠯᠢ ᠶᠢᠩ ᠴᠦᠨ᠂ ᠸᠠᠩ ᠶᠤᠸᠠᠢ ᠬᠤᠩ᠂ ᠷᠧᠨ ᠶᠠᠨ ᠰᠢᠶᠠᠩ ᠵᠡᠷᠭᠡ ᠤᠳᠤᠷᠢᠳᠤᠯᠭ᠎ᠠ ᠬᠤᠷᠠᠯ ᠳᠤ ᠰᠠᠭᠠᠲᠠᠵᠤ᠂ ᠡᠯ᠎ᠡ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠶᠠᠳᠠᠭᠤ ᠶᠢ ᠲᠡᠳᠬᠦᠵᠤ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠣᠷᠴᠢᠮ ᠤᠨ ᠡᠳᠤᠷ ᠤᠨ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠲᠤᠬᠠᠢ ᠲᠤᠷᠠᠳᠤᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠯᠢ ᠺᠧ ᠴᠢᠶᠠᠩ ᠶᠡᠷᠦᠩᠬᠡᠢ ᠰᠠᠶᠢᠳ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃ ᠦᠪᠡᠷᠲᠡᠭᠡᠨ ᠵᠠᠰᠠᠬᠤ ᠣᠷᠤᠨ ᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠲᠡᠮᠡᠴᠡᠨ ᠣᠯᠬᠤ ᠬᠤᠰᠢᠭᠤ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠠᠵᠢᠯ ᠤᠨ ᠬᠠᠷᠢᠭᠤ ᠮᠡᠳᠡᠭᠦᠯᠦᠯᠲᠡ ᠬᠢᠵᠤ ᠲᠤᠷᠰᠢᠯᠭ᠎ᠠ ᠪᠠᠨ ᠰᠣᠯᠢᠯᠴᠠᠬᠤ ᠲᠧᠯᠸᠢᠰ ᠬᠤᠷᠠᠯ ᠤᠨ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠪᠠ᠃      ᠬᠤᠷᠠᠯ ᠳᠡᠭᠡᠷ᠎ᠡ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠬᠠᠷᠢᠭᠤᠴᠠᠯᠭᠠᠲᠠᠨ ᠠᠴᠠ ᠪᠦᠬᠦ ᠰᠢᠶᠠᠨ  ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠰᠠᠭᠤᠳᠠᠯ ᠢ ᠴᠡᠭᠴᠡᠯᠡᠨ ᠵᠠᠰᠠᠯᠲᠠ᠂ ᠬᠦᠳᠡᠯᠦᠩᠭᠦᠢ ᠲᠣᠬᠢᠷᠠᠭᠤᠯᠤᠯᠲᠠ᠂ ᠦᠪᠡᠷᠲᠡᠭᠡᠨ ᠪᠠᠶᠢᠴᠠᠭᠠᠵᠤ ᠦᠪᠡᠷᠲᠡᠭᠡᠨ ᠰᠢᠯᠭᠠᠬᠤ ᠠᠵᠢᠯ᠂《 ᠵᠠᠭᠤᠨ ᠠᠵᠤ ᠠᠬᠤᠶᠢᠯᠠᠯ ᠵᠠᠭᠤᠨ ᠲᠤᠰᠬᠤᠨ ᠬᠤᠯᠪᠤᠭᠠᠯᠠᠬᠤ》ᠪᠠᠶᠢᠳᠠᠯ ᠤᠨ ᠲᠤᠬᠠᠢ ᠨᠠᠷᠢᠯᠢᠭ ᠮᠡᠳᠡᠭᠦᠯᠦᠯᠲᠡ ᠬᠢᠪᠡ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠲᠤᠬᠠᠢ ᠶᠢᠨ ᠰᠢᠶᠠᠩ ᠪᠠᠯᠭᠠᠰᠤ ᠶᠢᠨ ᠢᠶᠠᠨ ᠶᠠᠳᠠᠭᠤ ᠠᠴᠠ ᠠᠩᠭᠢᠵᠢᠷᠠᠭᠤᠯᠬᠤ ᠠᠵᠢᠯ ᠢ ᠦᠪᠡᠷᠲᠡᠭᠡᠨ ᠬᠢᠨᠠᠨ ᠰᠢᠯᠭᠠᠬᠤ ᠲᠤᠬᠢᠷᠠᠭᠤᠯᠤᠯᠲᠠ ᠵᠢᠴᠢ ᠠᠰᠠᠭᠤᠳᠠᠯ ᠢ ᠴᠡᠭᠴᠡᠯᠡᠨ ᠵᠠᠰᠠᠬᠤ ᠲᠤᠬᠠᠢ ᠬᠠᠷᠢᠭᠤ ᠮᠡᠳᠡᠭᠦᠯᠦᠯᠲᠡ ᠬᠢᠪᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠠᠴᠠ ᠣᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠳᠤᠮᠳᠠᠬᠢ《 ᠲᠤᠰᠬᠤᠨ ᠪᠤᠯᠭᠠᠨ ᠳᠤ ᠳᠤᠤᠭᠠᠷᠬᠤ》ᠷᠠᠳᠢᠣ᠋ ᠲᠧᠯᠸᠢᠰ ᠤᠨ ᠠᠰᠠᠭᠤᠳᠠᠯ᠂ ᠭᠡᠷᠡᠯ ᠸᠣᠯᠲ ᠤᠨ ᠶᠠᠳᠠᠭᠤ ᠶᠢ ᠲᠡᠳᠬᠦᠬᠦ ᠲᠥᠷᠦᠯ ᠵᠦᠢᠯ᠂ ᠪᠡᠭᠡᠵᠢᠩ ᠥᠪᠦᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠵᠡᠷᠭᠡ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠨᠠᠷᠢᠯᠢᠭ ᠮᠡᠳᠡᠭᠦᠯᠦᠯᠲᠡ ᠬᠢᠪᠡ᠃      ᠬᠤᠷᠠᠯ ᠨᠢ ᠪᠤᠳᠠᠲᠠᠢ ᠪᠠᠶᠢᠳᠠᠯ ᠲᠠᠢ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠷᠦ ᠶᠢᠨ ᠪᠣᠳᠤᠯᠭ᠎ᠠ ᠶᠢᠨ ᠤᠬᠠᠭᠤᠯᠭ᠎ᠠ᠂ ᠤᠯᠤᠰ ᠤᠨ ᠰᠢᠯᠭᠠᠨ ᠪᠠᠶᠢᠴᠠᠭᠠᠯᠲᠠ ᠬᠢᠨᠠᠨ ᠬᠤᠷᠢᠶᠠᠯᠲᠠ ᠶᠢ ᠤᠭᠲᠤᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯᠲᠠ ᠶᠢᠨ ᠴᠡᠭᠴᠡᠯᠡᠨ ᠵᠠᠰᠠᠯᠲᠠ ᠵᠡᠷᠭᠡ ᠲᠠᠯ᠎ᠠ ᠪᠠᠷ ᠶᠠᠳᠠᠭᠠᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠲᠠᠬᠢᠨ ᠲᠤᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠡ᠃ ᠶᠢᠨ ᠴᠦᠨ ᠯᠢᠶᠠᠩ ᠴᠢᠩᠭᠠᠳᠬᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠤᠯᠠᠨ ᠲᠦᠮᠡᠨ ᠤ ᠳᠤᠮᠳᠠ ᠭᠦᠨᠵᠡᠭᠡᠶᠢᠷᠡᠵᠤ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠦᠨᠡᠨ ᠠᠴᠠ ᠵᠥᠪ ᠶᠢ ᠡᠷᠢᠵᠤ᠂ ᠣᠨᠢᠨ‌‍ᠲ᠋ᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠡᠯ᠎ᠡ ᠵᠦᠢᠯ ᠤᠨ ᠭᠦᠢᠴᠡᠳᠬᠡᠯ ᠲᠣᠭᠠᠨ ᠤ ᠪᠠᠭᠤᠷᠠᠢ ᠭᠤᠭᠴᠤᠭ᠎ᠠ ᠶᠢ ᠡᠷᠢᠵᠤ᠂ ᠠᠵᠢᠯ ᠤᠨ ᠳᠤᠮᠳᠠᠬᠢ ᠣᠷᠤᠰᠢᠵᠤ ᠪᠠᠶᠢᠭ᠎ᠠ ᠠᠰᠠᠭᠤᠳᠠᠯ ᠪᠠ ᠲᠤᠲᠠᠭᠳᠠᠯ ᠵᠶ᠋ᠠᠨ‌‍ᠴᠠᠭ ᠲᠤᠬᠠᠢ ᠳᠤ ᠨᠢ ᠢᠯᠡᠷᠡᠭᠦᠯᠬᠦ ᠪᠠ ᠵᠠᠯᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠨ ᠤ ᠪᠦᠬᠦ ᠲᠠᠯ᠎ᠠ ᠶᠢᠨ ᠢᠯᠠᠯᠲᠠ ᠣᠯᠬᠤ ᠶᠢ ᠪᠠᠲᠤᠯᠠᠵᠤ᠂ ᠦᠷᠭᠡᠨ ᠣᠯᠠᠨ ᠠᠷᠠᠳ ᠲᠦᠮᠡᠨ ᠳᠤ ᠬᠠᠨᠤᠮᠵᠢᠲᠠᠢ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号