| | | 7 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ᠂ ᠬᠦᠯᠦᠰᠦᠨ ᠠᠵᠢᠯᠴᠢᠨ ᠤ ᠴᠠᠯᠢᠩ ᠢ | ᠦᠷᠢᠲᠦᠨ ᠣᠳᠠᠭᠠᠰᠢᠷᠠᠭᠤᠯᠬᠤ ᠶᠢ ᠬᠤᠯᠪᠣᠭᠠᠯᠠᠨ ᠢᠯᠭᠠᠷᠠᠭᠤᠯᠬᠤ ᠣᠳᠣᠷᠢᠳᠬᠤ ᠳᠣᠭᠤᠶᠢᠯᠠᠩ ᠤᠨ ᠳᠡᠳ᠋ ᠳᠠᠷᠤᠭ᠎ᠠ | ᠵᠠᠩ ᠯᠢᠨ ᠯᠢᠨ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ401 ᠬᠤᠷᠠᠯ ᠤᠨ ᠭᠡᠷ ᠲᠤ 2018 ᠣᠨ ᠤ | ᠬᠦᠯᠦᠰᠦᠨ ᠠᠵᠢᠯᠴᠢᠨ ᠤ ᠴᠠᠯᠢᠩ ᠥᠭᠬᠦ ᠶᠢ ᠪᠠᠲᠣᠯᠠᠬᠤ ᠠᠬᠢᠭᠤᠯᠭ᠎ᠠ ᠶᠢᠨ ᠬᠤᠷᠠᠯ ᠵᠢᠴᠢ ᠬᠦᠯᠦᠰᠦᠨ ᠠᠵᠢᠯᠴᠢᠨ ᠤ | ᠴᠠᠯᠢᠩ ᠤᠨ ᠥᠷᠢ ᠰᠢᠷᠢ ᠶᠢ ᠢᠯᠭᠠᠷᠠᠭᠤᠯᠬᠤ ᠲᠣᠰᠬᠠᠢ ᠠᠵᠢᠯ ᠤᠨ ᠰᠢᠮᠳᠠᠭᠤᠯᠣᠨ ᠪᠠᠶᠢᠴᠠᠭᠠᠬᠤ | ᠪᠠᠶᠢᠷᠢᠯᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ ᠬᠦᠯᠦᠰᠦᠨ ᠠᠵᠢᠯᠴᠢᠨ ᠤ ᠴᠠᠯᠢᠩ ᠢ ᠦᠷᠢᠲᠦᠨ | ᠣᠳᠠᠭᠠᠰᠢᠷᠠᠭᠤᠯᠬᠤ ᠶᠢ ᠬᠤᠯᠪᠣᠭᠠᠯᠠᠨ ᠢᠯᠭᠠᠷᠠᠭᠤᠯᠬᠤ ᠣᠳᠣᠷᠢᠳᠬᠤ ᠳᠣᠭᠤᠶᠢᠯᠠᠩ ᠤᠨ ᠭᠡᠰᠢᠭᠦᠨ ᠪᠠᠶᠢᠭᠤᠯᠭ᠎ᠠ ᠶᠢᠨ | ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠣᠯᠠᠭ᠎ᠠ ᠶᠢᠨ | ᠲᠣᠪᠴᠢᠶ᠎ᠠ ᠶᠢᠨ ᠬᠠᠷᠢᠭᠤᠴᠠᠯᠭᠠᠲᠠᠨ ᠪᠦᠬᠦ ᠰᠢᠶᠠᠨ ᠤ ᠬᠦᠯᠦᠰᠦᠨ ᠠᠵᠢᠯᠴᠢᠨ ᠤ ᠴᠠᠯᠢᠩ ᠤᠨ ᠥᠷᠢ ᠰᠢᠷᠢ ᠶᠢ | ᠢᠯᠭᠠᠷᠠᠭᠤᠯᠬᠤ ᠠᠵᠢᠯ ᠤᠨ ᠪᠠᠶᠢᠳᠠᠯ ᠢ ᠮᠡᠳᠡᠭᠦᠯᠵᠦ᠂ ᠳᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠣᠯᠲᠠ | ᠬᠢᠪᠡ᠃ ᠰᠢᠶᠠᠨ ᠤ ᠣᠷᠣᠨ ᠰᠠᠭᠤᠴᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ | ᠲᠣᠪᠴᠢᠶ᠎ᠠ ᠪᠣᠯᠣᠨ ᠴᠧᠩ ᠭᠤᠸᠠᠨ ᠪᠠᠯᠭᠠᠰᠣ᠂ ᠱᠧᠩ ᠯᠧ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠲᠥᠪᠯᠡᠷᠡᠯ ᠤᠨ ᠲᠣᠭᠤᠷᠢᠭ ᠤᠨ ᠬᠠᠷᠢᠭᠤᠴᠠᠯᠭᠠᠲᠠᠨ ᠲᠣᠰ ᠰᠠᠯᠠᠭ᠎ᠠ ᠮᠦᠴᠢᠷ᠂ ᠲᠣᠰ ᠭᠠᠵᠠᠷ ᠣᠷᠣᠨ ᠤ ᠬᠢ ᠪᠠᠨ | ᠪᠠᠶᠢᠴᠠᠭᠠᠭᠰᠠᠨ ᠪᠠᠶᠢᠳᠠᠯ ᠵᠢᠴᠢ ᠪᠠᠷᠢᠯᠭ᠎ᠠ ᠶᠢᠨ ᠨᠢᠭᠡᠴᠡ ᠶᠢᠨ ︽ᠳᠥᠷᠪᠡᠨ ᠳᠥᠷᠢᠮ ᠨᠢᠭᠡ ᠮᠥᠩᠭᠦ︾ ᠶᠢᠨ | ᠳᠥᠷᠢᠮ ᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠬᠠᠷᠢᠭᠤ ᠮᠡᠳᠡᠭᠦᠯᠵᠡᠢ᠃ ᠰᠢᠶᠠᠨ ᠤ ᠵᠠᠰᠠᠭ ᠤᠨ ᠣᠷᠳᠣᠨ ᠤ | ᠰᠢᠮᠳᠠᠭᠤᠯᠣᠨ ᠪᠠᠶᠢᠴᠠᠭᠠᠬᠤ ᠠᠯᠪᠠᠨ ᠭᠡᠷ ᠤᠨ ᠬᠠᠷᠢᠭᠤᠴᠠᠯᠭᠠᠲᠠᠨ ᠮᠠᠨ ᠤ ᠰᠢᠶᠠᠨ ᠤ ᠬᠦᠯᠦᠰᠦᠨ ᠠᠵᠢᠯᠴᠢᠨ ᠤ | ᠴᠠᠯᠢᠩ ᠤᠨ ᠥᠷᠢ ᠰᠢᠷᠢ ᠶᠢ ᠢᠯᠭᠠᠷᠠᠭᠤᠯᠬᠤ ᠲᠣᠰᠬᠠᠢ ᠠᠵᠢᠯ ᠤᠨ ᠰᠢᠮᠳᠠᠭᠤᠯᠣᠨ ᠪᠠᠶᠢᠴᠠᠭᠠᠬᠤ ᠠᠵᠢᠯ ᠳᠤ | ᠪᠠᠶᠢᠷᠢᠯᠠᠭᠤᠯᠣᠯᠲᠠ ᠬᠢᠭᠰᠡᠨ ᠪᠠᠶᠢᠨ᠎ᠠ᠃ | ᠵᠠᠩ ᠯᠢᠨ ᠯᠢᠨ ᠱᠠᠭᠠᠷᠳᠠᠭᠰᠠᠨ ᠨᠢ᠂ ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ᠃ | ᠡᠯ᠎ᠡ ᠰᠢᠶᠠᠩ ᠪᠠᠯᠭᠠᠰᠣ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠠᠯᠠᠭ᠎ᠠ ᠮᠦᠴᠢᠷ ᠵᠠᠪᠠᠯ ᠠᠵᠤ | ᠠᠬᠤᠶᠢᠯᠠᠯ ᠤᠨ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠶᠠᠮᠤᠨ ᠤ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ 2018 ᠣᠨ ᠤ7 ᠳ᠋ᠤᠭᠠᠷ ᠰᠠᠷ᠎ᠠ ᠶᠢᠨ2 ᠤ ᠡᠳᠦᠷ ᠠᠴᠠ7 ᠳ᠋ᠤᠭᠠᠷ | ᠰᠠᠷ᠎ᠠ ᠶᠢᠨ31 ᠤ ᠡᠳᠦᠷ ᠪᠣᠯᠲᠠᠯᠠᠬᠢ ᠪᠦᠬᠦ ᠣᠷᠣᠨ ᠤ ᠬᠥᠯᠥᠰᠥᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ | ᠠᠵᠢᠯ ᠤᠨ ᠲᠤᠰᠬᠠᠶ ᠰᠢᠮᠳᠠᠭᠤᠯᠣᠨ ᠪᠠᠶᠢᠴᠠᠭᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠯᠤᠰ ᠲᠦᠷᠤ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢ ᠪᠠᠲᠤ ᠪᠠᠬᠢ ᠪᠤᠢ | ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ | ᠵᠦᠢᠯ ᠤᠨ ᠪᠠᠶᠢᠷᠢᠯᠠᠭᠤᠯᠤᠯᠲᠠ ᠪᠣᠯᠣᠨ ᠱᠠᠭᠠᠷᠳᠠᠯᠭ᠎ᠠ ᠶᠣᠰᠣᠭᠠᠷ᠂ ᠬᠢᠨᠠᠨ ᠬᠠᠮᠢᠶᠠᠷᠬᠤ ᠬᠠᠷᠢᠭᠤᠴᠠᠯᠭ᠎ᠠ ᠢᠶᠠᠨ ᠤᠯᠠᠮ | ᠨᠢᠭᠡ ᠠᠯᠬᠤᠮ ᠪᠠᠲᠣᠳᠬᠠᠵᠣ᠂ ᠡᠯ᠎ᠡ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ᠢᠯᠠᠩᠭᠤᠶ᠎ᠠ ᠵᠠᠰᠠᠭ ᠤᠨ ᠣᠷᠳᠣᠨ ᠤ 8 ᠪᠡᠯᠡ ᠣᠷᠣᠭᠤᠯᠤᠯᠲᠠ ᠶᠢᠨ ᠲᠦᠷᠥᠯ ᠵᠦᠢᠯ ᠢ ᠡᠭᠦᠷᠭᠡᠯᠡᠭᠰᠡᠨ ᠰᠠᠯᠠᠭ᠎ᠠ | ᠮᠥᠴᠢᠷ᠂ ᠡᠷᠬᠡᠪᠰᠢ ︽ᠳᠥᠷᠪᠡᠨ ᠳᠥᠷᠢᠮ ᠨᠢᠭᠡ ᠮᠥᠩᠭᠦ︾ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠶ᠃ ᠬᠤᠶᠠᠷ ᠲᠤ᠂ ᠪᠦᠭᠦ ᠲᠠᠯ᠎ᠠ ᠪᠠᠷ ᠵᠠᠬ᠎ᠠ ᠳᠠᠷᠠᠭᠠᠯᠠᠨ ᠪᠠᠶᠢᠴᠠᠭᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ | ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠶᠢᠨ ᠤᠬᠠᠮᠰᠠᠷ ᠪᠣᠯᠤᠨ | ᠡᠭᠦᠷᠭᠡᠯᠡᠯ ᠢ ᠦᠨᠡᠨᠬᠦ ᠴᠢᠩᠭᠠᠳᠬᠠᠵᠤ᠂ ︽ᠠᠷᠪᠠᠨ ᠪᠠᠶᠢᠴᠠᠭᠠᠬᠤ︾ ᠠᠵᠢᠯ ᠤᠨ ᠳᠦᠷᠢᠮ ᠤᠨ ᠱᠠᠭᠠᠷᠳᠠᠯᠭ᠎ᠠ | ᠶᠣᠰᠣᠭᠠᠷ᠂ ᠪᠠᠶᠢᠴᠠᠭᠠᠬᠤ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠬᠤ ᠳᠡᠭᠡᠷ᠎ᠡ ᠬᠦᠴᠦ ᠲᠠᠯᠪᠢᠵᠤ᠂ ᠪᠠᠶᠢᠴᠠᠭᠠᠬᠤ | ᠠᠭᠤᠯᠭ᠎ᠠ ᠶᠢᠨ ᠵᠢᠷᠤᠮᠵᠢᠭᠰᠠᠨ ᠡᠰᠡᠬᠦ ᠳᠡᠭᠡᠷ᠎ᠡ ᠬᠦᠴᠦ ᠲᠠᠯᠪᠢᠵᠤ᠂ ᠭᠤᠣᠯᠳᠠᠯᠭ᠎ᠠ ᠲᠠᠢ ᠲᠦᠷᠥᠯ ᠵᠦᠢᠯ᠂ ᠴᠢᠬᠤᠯᠠ | ᠶᠡᠭᠡ ᠴᠠᠯᠢᠩ ᠦᠷᠢᠲᠦᠭᠰᠡᠨ ᠲᠠᠯᠳᠠ ᠭᠡᠮ ᠳᠡᠭᠡᠷ᠎ᠡ ᠬᠦᠴᠦ ᠲᠠᠯᠪᠢᠵᠤ᠂ ᠪᠠᠶᠢᠴᠠᠭᠠᠯᠲᠠ ᠶᠢᠨ ᠦᠷ᠎ᠡ ᠳ᠋ᠦᠩ ᠳᠡᠭᠡᠷ᠎ᠡ | ᠬᠦᠴᠦ ᠲᠠᠯᠪᠢᠵᠤ᠂ ᠪᠤᠢ ᠪᠦᠬᠦᠢ ᠪᠠᠶᠢᠭᠤᠯᠵᠤ ᠪᠠᠶᠢᠭ᠎ᠠ ᠪᠠᠷᠢᠯᠭ᠎ᠠ ᠶᠢ ᠨᠠᠷᠢᠯᠢᠭ ᠪᠠᠶᠢᠴᠠᠭᠠᠨ᠂ ᠪᠦᠭᠦ ᠲᠠᠯ᠎ᠠ ᠪᠠᠷ | ᠡᠮᠬᠢᠯᠡᠨ ᠲᠢᠭᠯᠡᠵᠤ᠂ ᠠᠵᠤ ᠠᠬᠤᠶᠢᠯᠠᠯ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠨ᠂ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠨ᠂ ᠠᠰᠠᠭᠤᠳᠠᠯ ᠤᠨ ᠨᠠᠷᠢᠨ ᠳᠠᠩᠰᠠ ᠪᠠᠶᠢᠭᠤᠯᠵᠤ᠂ ᠪᠠᠶᠢᠭᠤᠯᠬᠤ ᠶᠢᠨ ᠵᠡᠷᠭᠡᠪᠡᠷ | ᠥᠭᠡᠷᠡᠴᠢᠯᠡᠬᠦ ᠶᠢ ᠪᠠᠷᠢᠮᠲᠠᠯᠠᠵᠤ᠂ ᠪᠣᠢ ᠪᠦᠬᠦᠢ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠳᠦᠷᠢᠮᠵᠢᠯ ᠶᠣᠰᠣᠭᠠᠷ ᠴᠢᠩᠭ᠎ᠠ | ᠬᠠᠮᠢᠶᠠᠷᠬᠤ ᠶᠢ ᠦᠨᠡᠨᠬᠦ ᠪᠠᠲᠤᠯᠠᠵᠤ᠂ ᠪᠠᠷᠢᠯᠭ᠎ᠠ ᠶᠢᠨ ᠵᠣᠭᠤᠰ ᠪᠣᠯᠣᠨ ᠬᠥᠯᠥᠰᠥᠨ ᠠᠵᠢᠯᠴᠢᠨ ᠤ ᠴᠠᠯᠢᠩ ᠢ ᠲᠠᠩᠰᠠ | ᠪᠠᠶᠢᠭᠤᠯᠣᠨ ᠰᠠᠯᠭᠠᠨ ᠬᠠᠮᠢᠶᠠᠷᠤᠭᠰᠠᠨ ᠪᠠᠶᠢᠬᠤ᠂ ᠬᠥᠯᠥᠰᠥᠨ ᠠᠵᠢᠯᠴᠢᠨ ᠤ ᠦᠨᠡᠨ ᠨᠡᠷ᠎ᠡ ᠶᠢᠨ ᠳᠦᠷᠢᠮᠲᠦ | ᠬᠠᠮᠢᠶᠠᠷᠤᠯᠲᠠ᠂ ᠬᠥᠯᠥᠰᠥᠨ ᠠᠵᠢᠯᠴᠢᠨ ᠤ ᠴᠠᠯᠢᠩ ᠢ ᠪᠠᠩᠬᠢ ᠶᠢᠨ ᠺᠠᠷᠲ ᠪᠠᠷ ᠣᠷᠣᠯᠠᠨ ᠲᠠᠷᠬᠠᠭᠠᠬᠤ᠂ | ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠤᠨ ᠬᠥᠯᠥᠰᠥᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠮᠡᠳᠡᠭᠡ | ᠵᠠᠩᠭᠢ ᠶᠢᠨ ᠵᠠᠷᠯᠠᠯ᠂ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠲᠤᠰᠢᠶᠠᠬᠤ ᠵᠡᠷᠭᠡ ᠡᠯ᠎ᠡ | ᠵᠦᠢᠯ ᠤᠨ ᠪᠠᠲᠤᠯᠠᠭ᠎ᠠ ᠶᠢᠨ ᠲᠦᠷᠢᠮ ᠪᠣᠯᠣᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠶ᠃ ᠭᠤᠷᠪᠠ ᠳᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠰᠢᠶᠠᠩ | ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠠᠵᠢᠯ ᠲᠦᠷᠤᠯ ᠤᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠵᠢᠭᠰᠠᠭᠠᠨ ᠪᠠᠶᠢᠴᠠᠭᠠᠬᠤ ᠪᠠᠷ ᠳᠠᠮᠵᠢᠭᠤᠯᠤᠨ᠂ ᠨᠢᠭᠡ ᠠᠴᠠ ᠬᠤᠶᠠᠷ ᠢ ᠮᠡᠳᠡᠵᠦ᠂ ᠲᠤᠪᠤᠶᠢᠮ᠎ᠠ | ᠠᠰᠠᠭᠤᠳᠠᠯ ᠢ ᠬᠠᠷᠢᠴᠠᠭᠤᠯᠤᠨ᠂ ᠦᠨᠳᠦᠰᠦ ᠰᠤᠷᠪᠤᠯᠵᠢ ᠶᠢ ᠵᠥᠪ ᠣᠨᠣᠪᠴᠢᠲᠠᠢ ᠪᠠᠷ ᠪᠠᠶᠢᠴᠠᠭᠠᠨ ᠲᠣᠳᠣᠯᠠᠵᠣ᠂ | ᠨᠢᠭᠡ ᠭᠠᠷᠠᠭ ᠤᠨ ᠬᠤᠭᠤᠴᠠᠭ᠎ᠠ ᠪᠠᠷ ᠳᠠᠮᠵᠢᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ | ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠵᠣ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠦᠨᠡᠨᠬᠦ ᠪᠠᠲᠤᠯᠠᠬᠤ ᠬᠡᠷᠡᠭᠲᠡᠶ ᠭᠡᠵᠡᠢ᠃ |