ᠹᠧᠩ ᠢᠥᠢ ᠵᠧᠨ ᠭᠤᠣᠯᠳᠠᠯᠭ᠎ᠠ ᠲᠠᠢ ᠲᠦᠷᠥᠯ ᠵᠦᠢᠯ ᠢ ᠠᠬᠢᠭᠤᠯᠵᠣ ᠪᠠᠶᠢᠭ᠎ᠠ ᠪᠠᠶᠢᠳᠠᠯ ᠵᠢᠴᠢ ᠪᠣᠰᠣᠳ ᠬᠡᠷᠡᠭ ᠶᠠᠪᠣᠳᠠᠯ  ᠳᠤ ᠰᠤᠳᠤᠯᠤᠯᠲᠠ ᠬᠢᠬᠦ ᠳᠡᠭᠡᠨ ᠣᠷᠴᠢᠨ ᠠᠬᠤᠢ ᠶᠢ ᠬᠠᠮᠠᠭᠠᠯᠠᠬᠤ ᠬᠤᠷᠢᠭ᠎ᠠ ᠱᠤᠭᠤᠮ ᠢ ᠪᠠᠷᠢᠮᠲᠠᠯᠠᠵᠣ  ᠡᠯ᠎ᠡ ᠲᠠᠯ᠎ᠠ ᠶᠢᠨ ᠬᠠᠮᠲᠣ ᠶᠢᠨ ᠬᠦᠴᠦᠨ ᠢᠶᠠᠨ ᠨᠢᠭᠲᠠᠷᠠᠭᠤᠯᠵᠤ ᠡᠯ᠎ᠡ ᠭᠤᠣᠯᠳᠠᠯᠭ᠎ᠠ ᠲᠠᠢ ᠲᠦᠷᠥᠯ ᠵᠦᠢᠯ ᠢ ᠲᠦᠷᠭᠡᠳᠬᠡᠨ ᠠᠬᠢᠭᠤᠯᠵᠣ ᠡᠷᠲᠡᠬᠡᠨ ᠪᠠᠶᠢᠭᠤᠯᠣᠭᠳᠠᠬᠤ ᠶᠢ ᠪᠠᠲᠣᠯᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2018-07-06
      7ᠳ᠋ᠤᠭᠠᠷ ᠰᠠᠷ᠎ᠠ  ᠶᠢᠨ 4 ᠤ ᠡᠳᠦᠷ  ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠥᠵᠢ  ᠂ ᠬᠤᠲᠠ  ᠶᠢᠨ ᠳᠠᠷᠤᠭ᠎ᠠ  ᠂ ᠥᠪᠥᠷ ᠮᠣᠩᠭᠤᠯ  ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠥᠵᠢ ᠹᠧᠩ ᠢᠦᠶ ᠵᠧᠨ ᠮᠠᠨ  ᠤ ᠬᠤᠲᠠ  ᠶᠢᠨ ᠭᠤᠣᠯᠳᠠᠯᠭ᠎ᠠ ᠲᠠᠢ ᠲᠥᠷᠥᠯ ᠵᠦᠢᠯ ᠵᠢᠴᠢ ᠬᠥᠬᠡᠬᠤᠲᠠ  ᠶᠢᠨ ᠢᠯᠴᠢ ᠴᠠᠬᠢᠯᠭᠠᠨ ᠤ ᠦᠢᠯᠡᠳᠪᠦᠷᠢ  ᠶᠢᠨ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠤᠨ ᠴᠡᠭᠴᠡᠯᠡᠨ ᠵᠠᠰᠠᠬᠤ ᠵᠡᠷᠭᠡ ᠪᠠᠶᠢᠳᠠᠯ ᠳᠤ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ  ᠂ ᠭᠤᠣᠯᠳᠠᠯᠭ᠎ᠠ ᠲᠠᠢ ᠢᠨᠵᠧᠨᠧᠷᠢᠩ  ᠂ ᠭᠤᠣᠯᠳᠠᠯᠭ᠎ᠠ ᠲᠠᠢ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠨᠢ ᠬᠤᠲᠠ  ᠶᠢᠨ ᠰᠠᠭᠤᠷᠢ ᠲᠥᠬᠦᠭᠡᠷᠦᠮᠵᠢ  ᠶᠢ ᠤᠯᠠᠮ ᠨᠢᠭᠡ ᠠᠯᠬᠤᠮ ᠪᠦᠷᠢᠨᠰᠢᠭᠦᠯᠵᠦ  ᠂ ᠬᠤᠲᠠ ᠶᠢᠨ ᠳᠠᠭᠠᠭᠠᠴᠠ ᠶᠢᠨ ᠴᠢᠳᠠᠪᠤᠷᠢ ᠶᠢ ᠲᠡᠭᠦᠯᠳᠡᠷᠵᠢᠭᠦᠯᠬᠦ  ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠰᠢᠨ᠎ᠡ ᠬᠥᠭᠵᠢᠯᠲᠡ ᠶᠢᠨ ᠣᠨᠣᠯᠵᠢᠬᠤᠨ ᠢ ᠨᠠᠷᠢᠨ ᠬᠢᠨᠠᠮᠠᠭᠠᠢ ᠲᠤᠤᠱᠠᠯᠠᠭᠤᠯᠵᠤ  ᠂  ᠣᠷᠴᠢᠨ ᠠᠬᠤᠢ ᠶᠢ ᠬᠠᠮᠠᠭᠠᠯᠠᠬᠤ ᠬᠤᠷᠢᠭ᠎ᠠ ᠱᠤᠭᠤᠮ ᠢ ᠪᠠᠷᠢᠮᠲᠠᠯᠠᠨ᠂ ᠡᠯ᠎ᠡ ᠲᠠᠯ᠎ᠠ ᠶᠢᠨ ᠬᠠᠮᠲᠣ ᠶᠢᠨ ᠬᠦᠴᠦᠨ ᠢᠶᠠᠨ ᠨᠢᠭᠲᠠᠷᠠᠭᠤᠯᠵᠤ  ᠂ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠶᠢ ᠰᠤᠯᠠᠷᠠᠭᠤᠯᠤᠯ ᠦᠭᠡᠢ ᠠᠳᠬᠤᠵᠤ  ᠂ ᠠᠷᠭ᠎ᠠ ᠪᠦᠬᠦᠨ ᠢ ᠰᠦᠪᠡᠭᠴᠢᠯᠡᠨ ᠪᠣᠭᠤᠮᠢ ᠬᠢᠵᠠᠭᠠᠷᠯᠠᠯ ᠢ ᠳᠠᠪᠠᠨ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ  ᠪᠦᠬᠦ ᠬᠦᠴᠦᠨ ᠢᠶᠠᠷ ᠢᠶᠠᠨ ᠲᠦᠷᠭᠡᠳᠬᠡᠨ᠂ ᠡᠯ᠎ᠡ ᠭᠤᠣᠯᠳᠠᠯᠭ᠎ᠠ ᠲᠠᠢ ᠲᠥᠷᠥᠯ ᠵᠦᠢᠯ  ᠢ ᠲᠦᠯᠬᠢᠨ ᠠᠬᠢᠭᠤᠯᠵᠤ  ᠂ ᠡᠷᠲᠡᠬᠡᠨ ᠬᠡᠷᠡᠭᠯᠡᠯᠲᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠪᠡ  ᠃      ᠲᠤᠰ ᠡᠳᠦᠷ  ᠂ ᠹᠧᠩ ᠢᠥᠢ ᠵᠧᠨ ᠨᠠᠷ ᠤᠷᠢᠳ ᠬᠤᠵᠢᠳ ᠲᠤᠰᠬᠠᠢ ᠴᠠᠭᠳᠠᠭ᠎ᠠ ᠶᠢᠨ ᠪᠣᠯᠪᠠᠰᠤᠷᠠᠭᠤᠯᠤᠯ  ᠤᠨ ᠭᠠᠵᠠᠷ᠂ ᠰᠢᠨ᠎ᠡ ᠪᠠᠷ ᠪᠠᠶᠢᠭᠤᠯᠤᠭᠰᠠᠨ ᠣᠷᠣᠰᠢᠭᠤᠯᠭ᠎ᠠ ᠶᠢᠨ ᠭᠠᠵᠠᠷ᠂ ᠰᠢᠨ᠎ᠡ ᠪᠠᠷ ᠪᠠᠶᠢᠭᠤᠯᠤᠭᠰᠠᠨ ᠤᠮᠪᠠᠯᠲᠠ  ᠶᠢᠨ ᠣᠷᠳᠣᠨ᠂ ᠰᠢᠨ᠎ᠡ ᠪᠠᠷ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠰᠤᠷᠭᠠᠭᠤᠯᠢ᠂ ᠬᠡᠥᠬᠡᠳ ᠤᠨ ᠬᠠᠶᠢᠨ ᠰᠥᠪᠡᠭᠴᠢᠯᠡᠯᠲᠡ ᠶᠢᠨ ᠮᠦᠽᠧᠢ ᠪᠣᠯᠣᠨ ᠬᠤᠣᠷ ᠲᠠᠲᠠᠬᠤ ᠶᠢ ᠠᠯᠪᠠᠳᠠᠨ ᠴᠡᠭᠡᠷᠯᠡᠭᠦᠯᠬᠦ ᠭᠠᠵᠠᠷ ᠢ ᠥᠷᠭᠡᠳᠬᠡᠨ ᠪᠠᠶᠢᠭᠤᠯᠬᠤ ᠪᠠᠷᠢᠯᠭ᠎ᠠ  ᠶᠢᠨ ᠲᠤᠬᠠᠢ ᠶᠢᠨ ᠭᠠᠵᠠᠷ ᠢᠶᠠᠷ ᠲᠣᠭᠤᠷᠢᠨ ᠪᠠᠶᠢᠴᠠᠭᠠᠵᠤ  ᠂ ᠪᠠᠷᠢᠯᠭ᠎ᠠ ᠶᠢᠨ ᠠᠬᠢᠴᠠ ᠪᠣᠯᠣᠨ ᠪᠡᠯᠡ ᠮᠥᠩᠭᠦ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠮᠥᠷᠲᠡᠭᠡᠨ ᠢᠯᠴᠢ ᠴᠠᠬᠢᠯᠭᠠᠨ ᠤ ᠦᠢᠯᠡᠳᠪᠦᠷᠢ ᠶᠢᠨ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠤᠨ ᠴᠡᠭᠴᠡᠯᠡᠨ ᠵᠠᠰᠠᠬᠤ ᠠᠬᠤᠢ ᠲᠠᠯᠠᠪᠠᠢ ᠪᠠᠷ ᠭᠦᠨᠵᠡᠭᠡᠶᠢᠷᠡᠵᠦ  ᠂ ᠴᠡᠭᠴᠡᠯᠡᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠠᠶᠢᠨ᠎ᠠ  ᠃      ᠹᠧᠩ ᠢᠥᠢ ᠵᠧᠨ ᠰᠤᠳᠤᠯᠤᠯᠲᠠ ᠬᠢᠬᠦ ᠳᠤᠮᠳᠠ ᠪᠠᠨ ᠵᠢᠭᠠᠭᠰᠠᠨ ᠨᠢ  ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ  ᠂ ᠠᠵᠢᠯ  ᠤᠨ ᠬᠠᠮᠲᠤᠷᠠᠯᠴᠠᠭ᠎ᠠ  ᠪᠠᠨ ᠴᠢᠩᠭᠠᠳᠬᠠᠨ  ᠂  ᠡᠯ᠎ᠡ ᠲᠦᠷᠥᠯ ᠤᠨ ᠠᠵᠢᠯ ᠢ ᠦᠨᠳᠦᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠣ᠂ ᠦᠨᠳᠦᠷ ᠪᠦᠲᠦᠮᠵᠢ ᠪᠠᠷ ᠠᠬᠢᠭᠤᠯᠬᠤ ᠶᠢ ᠨᠠᠶᠢᠳᠠᠪᠣᠷᠢᠵᠢᠭᠤᠯᠣᠨ᠂ ᠲᠦᠷᠥᠯ ᠵᠦᠢᠯ ᠤᠨ ᠢᠨᠵᠧᠨᠧᠷᠢᠩ ᠤᠨ ᠬᠡᠷᠡᠭᠵᠢᠭᠦᠯᠦᠯᠲᠡ ᠪᠠᠷ ᠬᠤᠲᠠ ᠶᠢᠨ ᠴᠢᠳᠠᠮᠵᠢ ᠶᠢ ᠲᠠᠰᠣᠷᠠᠯᠲᠠ ᠦᠭᠡᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠨᠠᠷ ᠲᠠᠢ ᠣᠳᠣᠬᠢᠴᠢᠯᠠᠭᠰᠠᠨ ᠶᠡᠭᠡ ᠬᠤᠲᠠ ᠶᠢ ᠪᠦᠲᠦᠭᠡᠨ ᠪᠠᠶᠢᠭᠤᠯᠬᠤ ᠳᠤ ᠪᠠᠲᠣ ᠪᠠᠬᠢ ᠰᠠᠭᠤᠷᠢ ᠶᠢ ᠲᠠᠯᠪᠢᠵᠣ ᠥᠭᠬᠦ ᠬᠡᠷᠡᠭᠲᠡᠢ ᠭᠡᠪᠡ᠃      ᠹᠧᠩ ᠢᠥᠢ ᠵᠧᠨ ᠴᠢᠬᠤᠯᠠᠴᠢᠯᠠᠭᠰᠠᠨ ᠨᠢ᠂ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠨᠢᠭᠡᠨᠲᠡ ᠪᠠᠷᠢᠵᠤ ᠳᠠᠭᠤᠰᠬᠠᠭᠰᠠᠨ ᠪᠠ ᠪᠠᠷᠢᠵᠤ ᠳᠠᠭᠤᠰᠬᠠᠭ᠎ᠠ ᠦᠭᠡᠢ ᠪᠠᠷᠢᠯᠭ᠎ᠠ ᠶᠢᠨ ᠪᠡᠯᠡ ᠮᠥᠩᠭᠦ ᠶᠢᠨ ᠬᠡᠷᠡᠭᠯᠡᠭᠰᠡᠨ ᠪᠠᠶᠢᠳᠠᠯ ᠢ ᠨᠠᠷᠢᠨ ᠣᠶᠢᠯᠭᠠᠵᠤ᠂ ᠲᠥᠰᠥᠪᠯᠡᠯ ᠢ ᠴᠢᠩᠭ᠎ᠠ ᠬᠤᠷᠢᠭᠯᠠᠨ   ︵ᠬᠢᠵᠠᠭᠠᠷᠯᠠᠨ︶ ᠪᠡᠯᠡ ᠮᠥᠩᠭᠦ  ᠶᠢ ᠬᠡᠷᠡᠭᠯᠡᠬᠦ  ᠳᠡᠭᠡᠨ ᠲᠥᠯᠥᠪᠯᠡᠭᠡ ᠲᠠᠢ᠂ ᠲᠣᠬᠢᠷᠠᠭᠤᠯᠤᠯᠲᠠ ᠲᠠᠢ ᠪᠠᠶᠢᠬᠤ ᠬᠡᠷᠡᠭᠲᠡᠢ᠃ ᠲᠣᠭᠲᠠᠴᠠ ᠶᠢᠨ ᠪᠦᠲᠦᠭᠡᠨ ᠪᠠᠶᠢᠭᠤᠯᠤᠯᠲᠠ  ᠪᠠᠨ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠤᠭᠤᠷᠣᠨᠳᠤᠬᠢ ᠰᠠᠨᠠᠯ ᠰᠣᠯᠢᠯᠴᠠᠭ᠎ᠠ  ᠂ ᠵᠣᠬᠢᠴᠠᠯ  ᠂ ᠲᠣᠬᠢᠷᠠᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠨ᠂ ᠲᠥᠷᠥᠯ ᠵᠦᠢᠯ ᠤᠨ ᠡᠯ᠎ᠡ ᠲᠥᠷᠥᠯ ᠤᠨ ᠠᠵᠢᠯ ᠤᠨ ᠠᠬᠢᠴᠠ ᠶᠢ ᠲᠦᠷᠭᠡᠳᠬᠡᠵᠦ᠂ ᠡᠯ᠎ᠡ ᠵᠦᠢᠯ ᠤᠨ ᠭᠠᠷ ᠭᠦᠢᠴᠡᠳᠬᠡᠯ ᠢ ᠱᠠᠯᠠᠪᠳᠠᠨ ᠮᠡᠳᠡᠭᠦᠯᠦᠨ ᠵᠥᠪᠰᠢᠶᠡᠷᠡᠭᠦᠯᠵᠦ  ᠂ ᠤᠯᠠᠷᠢᠯ ᠤᠨ ᠰᠠᠶᠢᠨ ᠳᠤ ᠶᠠᠭᠠᠷᠠᠪᠴᠢᠯᠠᠨ ᠠᠵᠢᠯᠯᠠᠵᠤ᠂ ᠪᠦᠲᠦᠭᠡᠨ ᠪᠠᠶᠢᠭᠤᠯᠤᠯᠲᠠ ᠶᠢᠨ ᠬᠤᠷᠳᠤᠴᠠ  ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠡᠨᠬᠦ ᠪᠣᠳᠠᠲᠠᠢ ᠰᠠᠶᠢᠨ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ  ᠃       ᠹᠧᠩ ᠢᠥᠢ ᠵᠧᠨ ᠱᠠᠭᠠᠷᠳᠠᠭᠰᠠᠨ ᠨᠢ  ᠂ ᠪᠠᠷᠢᠯᠭ᠎ᠠ ᠶᠢᠨ ᠠᠮᠤᠷ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ ᠡᠭᠦᠷᠭᠡ  ᠪᠠᠨ ᠳᠠᠬᠢᠨ ᠨᠠᠷᠢᠯᠢᠭᠵᠢᠭᠤᠯᠵᠤ  ᠂ ᠬᠠᠷᠢᠭᠤᠴᠠᠯᠭ᠎ᠠ ᠪᠠᠨ ᠳᠠᠬᠢᠨ ᠨᠠᠶᠢᠳᠠᠪᠤᠷᠢᠵᠢᠭᠤᠯᠵᠤ᠂ ᠠᠬᠢᠴᠠ ᠪᠠᠨ ᠳᠠᠬᠢᠨ ᠲᠦᠷᠭᠡᠳᠬᠡᠵᠦ᠂ ᠡᠯ᠎ᠡ ᠭᠤᠣᠯᠳᠠᠯᠭ᠎ᠠ ᠲᠠᠢ ᠲᠥᠷᠥᠯ ᠵᠦᠢᠯ ᠤᠨ ᠦᠷ᠎ᠡ ᠠᠰᠢᠭ ᠢ ᠡᠷᠲᠡᠬᠡᠨ ᠣᠯᠠᠨ ᠲᠦᠮᠡᠨ ᠳᠤ ᠬᠦᠷᠲᠡᠭᠡᠬᠦ ᠶᠢ ᠪᠠᠲᠤᠯᠠᠬᠤ ᠬᠡᠷᠡᠭᠲᠡᠢ ᠭᠡᠪᠡ᠃      ᠬᠥᠬᠡᠬᠤᠲᠠ ᠶᠢᠨ ᠢᠯᠴᠢ ᠴᠠᠬᠢᠯᠭᠠᠨ ᠤ ᠦᠢᠯᠡᠳᠪᠦᠷᠢ ᠶᠢᠨ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠤᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠹᠧᠩ ᠢᠥᠢ ᠵᠧᠨ ᠵᠢᠭᠠᠭᠰᠠᠨ ᠨᠢ᠂ ᠪᠣᠬᠢᠷᠳᠤᠯ  ᠢ ᠰᠡᠷᠭᠡᠶᠢᠯᠡᠨ ᠵᠠᠰᠠᠬᠤ ᠨᠢ  ﹇ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠨ﹈  ᠤ ᠨᠢᠭᠡ  ᠂ ᠣᠳᠣᠬᠢ ᠠᠵᠢᠯ ᠤᠨ ᠭᠤᠣᠯᠳᠠᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠬᠢᠷᠳᠤᠯ ᠦᠭᠡᠢ᠂ ᠦᠷᠭᠦᠯᠵᠢᠯᠡᠬᠦᠶᠢᠴᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠤᠨ ᠵᠠᠰᠠᠨ ᠴᠡᠭᠴᠡᠯᠡᠬᠦ ᠲᠥᠯᠥᠪᠵᠢᠭᠦᠯᠭᠡ  ᠶᠢᠨ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠬᠠᠷᠢᠭᠤᠴᠠᠯᠭ᠎ᠠ  ᠶᠢᠨ ᠤᠬᠠᠮᠰᠠᠷ  ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠷᠴᠢᠨ ᠲᠣᠭᠤᠷᠢᠨ ᠢ ᠬᠠᠮᠠᠭᠠᠯᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ  ᠪᠠᠷ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ ᠣᠷᠣᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ  ᠂ ᠣᠷᠴᠢᠨ ᠲᠣᠭᠤᠷᠢᠨ ᠠᠵᠤ ᠠᠬᠤᠢ ᠶᠢᠨ ᠳᠠᠪᠬᠤᠷ ᠦᠷ᠎ᠡ ᠠᠰᠢᠭ ᠣᠯᠬᠤ ᠶᠢ ᠠᠬᠢᠭᠤᠯᠤᠨ ᠪᠡᠶᠡᠯᠡᠭᠦᠯᠵᠦ᠂ ᠮᠠᠨ ᠤ ᠬᠤᠲᠠ ᠶᠢᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠳᠤ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠬᠦ ᠬᠡᠷᠡᠭᠲᠡᠢ ᠭᠡᠪᠡ  ᠃      ᠬᠤᠲᠠ ᠶᠢᠨ ᠤᠳᠤᠷᠢᠳᠤᠯᠭ᠎ᠠ ᠵᠸᠥ ᠴᠢᠶᠠᠩ  ᠂ ᠸᠠᠩ ᠵᠢᠢ ᠫᠢᠩ  ᠂ ᠮᠠ ᠪᠣᠥ ᠭᠦᠸᠧ ᠤᠷᠢᠳ ᠬᠤᠵᠢᠳ ᠰᠤᠳᠤᠯᠤᠯᠲᠠ ᠳᠤ ᠣᠷᠣᠯᠴᠠᠪᠠ  ᠃  ︵ᠰᠤᠷᠪᠤᠯᠵᠢᠯᠠᠭᠴᠢ  ᠹᠧᠩ ᠶᠠᠨ ᠫᠢᠩ︶
 
ᠢᠷᠡᠯᠲᠡ᠄ ᠬᠥᠬᠡᠬᠤᠲᠠ ᠶᠢᠨ ᠡᠳᠦᠷ ᠤ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号