ᠬᠤᠷᠢᠨᠭᠡᠷ ᠰᠢᠶᠠᠨ ᠲᠠᠪᠣᠨ ᠠᠷᠭ᠎ᠠ ᠬᠡᠮᠵᠢᠶ᠎ᠡ ᠠᠪᠴᠣ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2018-07-09
     2018 ᠣᠨ ᠳᠤ ᠬᠤᠷᠢᠨᠭᠡᠷ ᠰᠢᠶᠠᠨ ᠤᠯᠤᠰ᠂ ᠣᠷᠣᠨ᠂ ᠬᠤᠳᠠ ᠭᠤᠷᠪᠠᠨ ᠱᠠᠲᠤᠨ ᠤ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠪᠠᠶᠢᠷᠢᠯᠠᠭᠤᠯᠤᠯᠲᠠ ᠪᠣᠯᠣᠨ ᠪᠣᠳᠠᠲᠠᠶ ᠱᠠᠭᠠᠷᠳᠠᠯᠭ᠎ᠠ ᠶᠣᠰᠣᠭᠠᠷ᠂ ᠭᠤᠷᠪᠠᠨ ᠱᠠᠲᠣᠨ ᠤ ᠢᠲᠡᠭᠡᠮᠵᠢ ᠶᠢᠨ ᠪᠠᠶᠢᠭᠤᠯᠤᠯᠲᠠ ᠶᠢᠨ ︽ᠶᠡᠭᠡ ᠠᠯᠬᠤᠮ︾ ᠢ ᠰᠠᠯᠣᠯ ᠦᠭᠡᠢ ᠳᠠᠭᠠᠵᠣ᠂ ᠪᠠᠶᠢᠭᠤᠯᠤᠯ ᠪᠣᠯᠣᠨ ᠲᠣᠭᠲᠠᠴᠠ ᠶᠢᠨ ᠪᠠᠶᠢᠭᠤᠯᠤᠯᠲᠠ᠂ ᠢᠲᠡᠭᠡᠮᠵᠢ ᠶᠢᠨ ᠲᠠᠪᠴᠠᠩ ᠤᠨ ᠪᠠᠶᠢᠭᠤᠯᠤᠯᠲᠠ᠂ ᠢᠲᠡᠭᠡᠮᠵᠢ ᠶᠢ ᠱᠠᠩᠨᠠᠵᠤ ᠰᠢᠢᠳᠬᠡᠬᠦ ᠲᠠᠢ ᠬᠤᠯᠪᠣᠭᠠᠯᠠᠬᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠬᠦᠮᠦᠵᠢᠯ ᠢᠶᠠᠷ ᠭᠠᠷᠳᠠᠴᠠ ᠪᠣᠯᠭᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠨᠡᠶᠢᠭᠡᠮ ᠤᠨ ᠢᠲᠡᠭᠡᠮᠵᠢ ᠶᠢᠨ ᠣᠷᠴᠢᠨ ᠨᠥᠬᠦᠴᠡᠯ ᠢ ᠪᠤᠢ ᠪᠣᠯᠭᠠᠵᠣ ᠥᠭᠪᠡ᠃      ᠬᠤᠷᠢᠨᠭᠡᠷ ᠰᠢᠶᠠᠨ ᠲᠠᠪᠤᠨ ᠠᠷᠭ᠎ᠠ ᠬᠡᠮᠵᠢᠶ᠎ᠡ ᠠᠪᠴᠣ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ ᠨᠢᠭᠡ ᠳᠤ᠂ ᠵᠠᠰᠠᠭ ᠵᠠᠬᠢᠷᠭᠠᠨ ᠤ ᠵᠥᠪᠰᠢᠶᠡᠷᠡᠯ ᠪᠣᠯᠤᠨ ᠵᠠᠰᠠᠭ ᠵᠠᠬᠢᠷᠭᠠᠨ ᠤ ᠰᠢᠢᠳᠬᠡᠯ ᠤᠨ ︽ᠬᠤᠣᠰ ᠵᠠᠷᠯᠠᠯ︾ ᠢ ᠴᠢᠩᠭᠠᠳᠬᠠᠪᠠ᠃ ᠳᠡᠭᠡᠳᠦ ᠬᠠᠭᠠᠰ ᠵᠢᠯ᠂ ᠵᠠᠰᠠᠭ ᠵᠠᠬᠢᠷᠭᠠᠨ ᠤ ᠵᠥᠪᠰᠢᠶᠡᠷᠡᠯ ᠪᠣᠯᠤᠨ ᠵᠠᠰᠠᠭ ᠵᠠᠬᠢᠷᠭᠠᠨ ᠤ ᠰᠢᠢᠳᠬᠡᠯ ᠨᠡᠶᠢᠲᠡ 613 ᠵᠦᠢᠯ ᠮᠡᠳᠡᠭᠦᠯᠦᠨ ᠬᠦᠷᠭᠡᠵᠦ᠂ ᠡᠭᠦᠨ ᠤ ᠳᠣᠲᠣᠷ᠎ᠠ ᠵᠠᠰᠠᠭ ᠵᠠᠬᠢᠷᠭᠠᠨ ᠤ ᠵᠥᠪᠰᠢᠶᠡᠷᠡᠯ 410 ᠵᠦᠢᠯ᠂ ᠵᠠᠰᠠᠭ ᠵᠠᠬᠢᠷᠭᠠᠨ ᠤ ᠰᠢᠳᠬᠡᠯ 203 ᠵᠦᠢᠯ ᠪᠣᠢ᠃ ᠬᠤᠶᠠᠷ ᠲᠤ᠂ ᠢᠲᠡᠭᠡᠮᠵᠢ ᠶᠢᠨ ︽ᠤᠯᠠᠭᠠᠨ ᠬᠠᠷ᠎ᠠ ᠨᠡᠷ᠎ᠡ ᠶᠢᠨ ᠳᠠᠩᠰᠠ︾ ᠶᠢ ᠨᠡᠶᠢᠲᠡᠯᠡᠵᠦ᠂ ᠢᠲᠡᠭᠡᠯ ᠠᠯᠳᠠᠭᠰᠠᠨ ᠭᠦᠢᠴᠡᠳᠬᠡᠭᠦᠯᠦᠭᠴᠢ ᠶᠢᠨ ᠨᠡᠷᠡᠰ ᠢ ᠨᠡᠶᠢᠲᠡᠯᠡᠨ ᠮᠡᠳᠡᠭᠦᠯᠪᠡ᠃ ᠭᠤᠷᠪᠠ ᠳᠤ᠂ ᠢᠲᠡᠭᠡᠮᠵᠢᠲᠡᠢ ᠶᠢ ᠬᠦᠬᠢᠭᠦᠯᠦᠨ ᠱᠠᠩᠨᠠᠬᠤ ᠲᠠᠢ ᠤᠶᠠᠯᠳᠣᠭᠤᠯᠬᠤ ᠪᠠ ᠢᠲᠡᠭᠡᠯ ᠠᠯᠳᠠᠭᠰᠠᠨ ᠢ ᠵᠠᠯᠬᠠᠭᠠᠨ ᠰᠢᠢᠳᠬᠡᠬᠦ ᠲᠠᠢ ᠬᠤᠯᠪᠣᠭᠠᠯᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠬᠤᠲᠠ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠲᠤ ᠨᠠᠰᠤᠲᠠᠨ ᠢᠶᠠᠨ ᠠᠴᠢᠯᠠᠵᠤ ᠰᠠᠳᠤᠨ ᠲᠦᠷᠥᠯ ᠢᠶᠠᠨ ᠬᠠᠶᠢᠷᠠᠯᠠᠬᠤ ᠲᠡᠷᠢᠭᠦᠨ ᠤ ᠬᠤᠪᠢ ᠬᠥᠮᠦᠨ ᠵᠢᠴᠢ ᠠᠵᠢᠯ ᠦᠢᠯᠡᠰ ᠢᠶᠠᠨ ᠳᠡᠭᠡᠳᠦᠯᠡᠵᠦ ᠠᠯᠢᠪᠠ ᠪᠠᠨ ᠵᠣᠷᠢᠭᠤᠯᠬᠤ ᠲᠡᠷᠢᠭᠦᠨ ᠤ ᠬᠤᠪᠢ ᠬᠥᠮᠦᠨ ᠢ ᠮᠡᠳᠡᠭᠦᠯᠪᠡ᠃ ᠲᠦᠷᠪᠡ ᠳᠤ᠂ ︽ᠬᠤᠷᠢᠨᠭᠡᠷ ᠰᠢᠶᠠᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠬᠡᠷᠡᠭᠵᠢᠭᠦᠯᠬᠦ ᠲᠥᠰᠦᠯ︾ ᠢ ᠲᠣᠭᠲᠠᠭᠠᠬᠤ ᠳᠤ ᠣᠷᠣᠯᠴᠠᠵᠣ ᠂ ᠬᠤᠳᠠ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠲᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠤᠢ ᠪᠣᠯᠭᠠᠭᠰᠠᠨ ᠲᠡᠷᠢᠭᠦᠨ ᠤ ᠨᠡᠶᠢᠲᠡᠯᠢᠭ ᠠᠵᠤ  ᠠᠬᠤᠶᠢᠯᠠᠯ ᠢ ᠮᠡᠳᠡᠭᠦᠯᠪᠡ᠃ ᠲᠠᠪᠤ ᠳᠤ᠂ ᠢᠲᠡᠭᠡᠮᠵᠢ ᠲᠠᠢ ᠣᠷᠴᠢᠨ ᠨᠥᠬᠦᠴᠡᠯ ᠢ ᠪᠤᠢ ᠪᠣᠯᠭᠠᠬᠤ᠂ ᠡᠳᠦᠷ ᠲᠤᠳᠤᠮ ᠤᠨ ᠤᠬᠠᠭᠤᠯᠭ᠎ᠠ ᠶᠢ ᠴᠢᠩᠭᠠᠳᠬᠠᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠣᠷᠠᠭᠰᠨ ︽ᠦᠨᠡᠨᠴᠢ ᠢᠲᠡᠭᠡᠮᠵᠢ ᠰᠠᠶᠢᠨ ᠰᠠᠶᠢᠬᠠᠨ ᠢᠷᠡᠭᠡᠳᠦᠶ ᠶᠢ ᠪᠣᠢ ᠪᠣᠯᠭᠠᠨ᠎ᠠ︾ ᠭᠡᠳᠡᠭ ᠢᠶᠠᠷ ᠭᠤᠣᠯ ᠰᠡᠳᠦᠪ ᠪᠣᠯᠭᠠᠭᠰᠠᠨ ᠬᠤᠷᠢᠨᠭᠡᠷ ᠰᠢᠶᠠᠨ ᠤ ᠦᠨᠡᠨᠴᠢ ᠢᠲᠡᠭᠡᠮᠵᠢ ᠶᠢᠨ ᠮᠡᠳᠡᠯᠭᠡ ᠰᠤᠷᠭᠠᠭᠤᠯᠢ ᠶᠢᠨ ᠬᠦᠷᠢᠶᠡᠨ ᠳᠤ ᠲᠤᠰᠬᠠᠶ ᠰᠡᠳᠦᠪᠲᠦ ᠲᠠᠶᠢᠯᠣᠮᠵᠢ ᠬᠢᠵᠡᠢ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号