ᠰᠢᠯᠢ ᠵᠢᠨ‌ᠬᠤᠶᠢᠲᠤ ᠵᠠᠮ ᠤᠨ ᠵᠡᠭᠡᠯᠢ ᠭᠤᠳᠤᠮᠵᠢ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠭᠠᠵᠠᠷ ᠬᠠᠷᠢᠶ᠎ᠠ ᠣᠷᠣᠨ ᠤ ᠪᠠᠷᠢᠯᠭ᠎ᠠ ᠶᠢᠨ ᠭᠠᠵᠠᠷ ᠤᠨ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2018-07-09
       ᠠᠵᠤ ᠠᠬᠤᠶᠢᠯᠠᠯ ᠤᠨ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ  ᠪᠠᠲᠤᠯᠠᠵᠤ᠂ ᠠᠵᠤ ᠠᠬᠤᠶᠢᠯᠠᠯ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ᠦᠢᠷ᠎ᠠ ᠶᠢᠨ ᠡᠳᠦᠷ ᠰᠢᠯᠢ ᠶᠢᠨ ᠬᠤᠶᠢᠲᠤ ᠵᠠᠮ ᠵᠡᠭᠡᠯᠢ ᠭᠤᠳᠤᠮᠵᠢ ᠤᠨ ᠬᠥᠳᠡᠯᠮᠦᠷᠢ ᠶᠢᠨ ᠪᠠᠲᠤᠯᠠᠭ᠎ᠠ ᠶᠢᠨ ᠭᠠᠵᠠᠷ ᠡᠯ᠎ᠡ ᠨᠡᠶᠢᠭᠡᠮ ᠲᠣᠭᠤᠷᠢᠭ ᠤᠨ ᠠᠵᠢᠯᠳᠠᠨ ᠲᠠᠢ ᠬᠠᠷᠢᠶ᠎ᠠ ᠣᠷᠣᠨ ᠤ ᠬᠡᠪᠴᠢᠶᠡᠨ ᠳᠠᠬᠢ ᠪᠠᠷᠢᠯᠭ᠎ᠠ ᠶᠢᠨ ᠠᠵᠢᠯ ᠡᠷᠬᠢᠯᠡᠵᠦ ᠪᠠᠶᠢᠭ᠎ᠠ ᠠᠷᠠᠯᠵᠢᠶ᠎ᠠ ᠬᠤᠳᠠᠯᠳᠤᠭᠠᠨ ᠤ ᠳᠡᠭᠡᠳᠦ ᠰᠤᠷᠭᠠᠭᠤᠯᠢ᠂ ᠭᠠᠵᠠᠷ ᠳᠣᠣᠷᠠᠬᠢ ᠲᠡᠮᠦᠷ ᠵᠠᠮ ᠤᠨ ᠬᠤᠶᠠᠳᠤᠭᠠᠷ ᠱᠤᠭᠤᠮ ᠤᠨ ᠢᠨᠵᠧᠨᠧᠷᠢᠩ — — ᠬᠥᠬᠡᠬᠤᠲᠠ ᠶᠢᠨ ᠭᠠᠯᠲᠤ ᠲᠡᠷᠭᠡᠨ ᠤ ᠪᠠᠷᠠᠭᠤᠨ ᠦᠷᠲᠡᠭᠡ ᠶᠢᠨ ᠠᠭᠤᠳᠠᠮ ᠲᠠᠯᠠᠪᠠᠶ ᠂  ᠬᠠᠶᠢᠯᠠᠷ ᠳᠤᠮᠳᠠ ᠵᠠᠮ ᠤᠨ ᠠᠵᠢᠯᠴᠢᠨ ᠤ ᠰᠤᠷᠭᠠᠭᠤᠯᠢ ᠶᠢᠨ ᠪᠠᠷᠠᠭᠤᠨ ᠭᠤᠳᠤᠮᠵᠢ ᠵᠡᠷᠭᠡ ᠭᠤᠷᠪᠠᠨ ᠪᠠᠷᠢᠯᠭ᠎ᠠ ᠶᠢᠨ ᠭᠠᠵᠠᠷ ᠲᠤ ᠬᠦᠷᠴᠦ᠂ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠲᠤᠬᠠᠶ ᠶᠢᠨ ᠲᠠᠯᠠᠪᠠᠶ ᠳᠤ ᠯᠠᠪᠯᠠᠨ‌ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠪᠠᠶᠢᠴᠠᠭᠠᠭᠰᠠᠨ ᠢᠶᠠᠷ ᠭᠤᠷᠪᠠᠨ ᠪᠠᠷᠢᠯᠭ᠎ᠠ ᠶᠢᠨ ᠭᠠᠵᠠᠷ ᠲᠤ ᠴᠥᠮ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠪᠠ ᠲᠦᠷᠢᠮ ᠢ ᠵᠥᠷᠢᠴᠡᠭᠰᠡᠨ ᠠᠵᠢᠯᠯᠠᠭ᠎ᠠ  ᠪᠠᠶᠢᠬᠤ ᠦᠭᠡᠢ᠃       ᠤᠷᠳᠤ ᠬᠤᠭᠤᠴᠠᠭᠠᠨ ᠤ ᠲᠤᠷᠰᠢ᠂ ᠵᠡᠭᠡᠯᠢ ᠭᠤᠳᠤᠮᠵᠢ ᠬᠥᠳᠡᠯᠮᠦᠷᠢ ᠶᠢᠨ ᠪᠠᠲᠤᠯᠠᠭ᠎ᠠ ᠶᠢᠨ ᠭᠠᠵᠠᠷ ︽ᠡᠷᠲᠡ ᠵᠢᠭᠰᠠᠭᠠᠨ ᠪᠠᠶᠢᠴᠠᠭᠠᠵᠤ᠂ ᠡᠷᠲᠡ ᠠᠴᠠ ᠪᠠᠶᠢᠳᠠᠯ ᠣᠶᠢᠯᠠᠭᠠᠵᠤ᠂ ᠡᠷᠲᠡ ᠠᠴᠠ ᠣᠷᠣᠯᠴᠠᠵᠤ᠂ ᠡᠷᠲᠡ ᠠᠴᠠ  ᠰᠢᠢᠳᠪᠦᠷᠢᠯᠡᠬᠦ︾ ᠵᠠᠷᠴᠢᠮ ᠶᠣᠰᠣᠭᠠᠷ ᠬᠠᠷᠢᠶ᠎ᠠ ᠣᠷᠣᠨ ᠤ ᠠᠵᠤ ᠠᠬᠤᠶᠢᠯᠠᠯ  ᠳᠤ ᠤᠯᠠᠨ ᠤᠳᠠᠭ᠎ᠠ ᠭᠦᠨᠵᠡᠭᠡᠶᠢᠷᠡᠨ  ᠂ ᠥᠷᠭᠡᠨ ᠢᠶᠠᠷ ᠤᠬᠠᠭᠤᠯᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ ᠂ ᠡᠶ᠎ᠡ ᠵᠣᠬᠢᠴᠠᠯ ᠲᠠᠢ ᠲᠣᠭᠲᠠᠭᠤᠨ ᠬᠥᠳᠡᠯᠮᠦᠷᠢ ᠶᠢᠨ ᠣᠷᠴᠢᠨ ᠨᠥᠬᠦᠴᠡᠯ ᠢ ᠪᠤᠢ  ᠪᠣᠯᠭᠠᠵᠠᠢ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号