7 ᠰᠠᠷ᠎ᠠ ᠶᠢᠨ 5 ᠤ ᠡᠳᠤᠷ ᠤᠨ 8᠄ 00 ᠴᠠᠭ ᠲᠤ᠂ 2018 ᠤᠨ ᠤ ᠬᠦᠬᠡᠬᠤᠳᠠ ᠶᠢᠨ ᠡᠩ ᠤᠨ | ᠲᠤᠮᠳᠠᠳᠤ ᠰᠤᠷᠭᠠᠭᠤᠯᠢ ᠶᠢᠨ ᠲᠠᠮᠢᠷ᠂ ᠤᠷᠠᠯᠢᠭ ᠤᠨ ᠵᠡᠷᠬᠡ ᠤᠨᠴᠠ ᠠᠪᠢᠶᠠᠰ ᠲᠠᠢ ᠰᠤᠷᠤᠭᠴᠢᠳ ᠡᠷᠡᠮᠡᠯᠵᠡᠯ ᠢᠶᠠᠨ | ᠨᠧᠲ ᠢᠶᠠᠷ ᠮᠡᠳᠡᠬᠦᠯᠵᠤ ᠡᠬᠢᠯᠡᠪᠡ᠃ ᠰᠤᠷᠤᠭᠴᠢ ᠡᠯᠰᠡᠬᠦ ᠰᠢᠯᠭᠠᠯᠳᠠ ᠶᠢᠨ ᠬᠠᠮᠢᠶᠠᠷᠤᠯᠳᠠ ᠶᠢᠨ ᠲᠦᠪ ᠤᠨ | ᠨᠠᠶᠢᠳᠡᠯᠡᠭᠰᠡᠨ ︽2018 ᠤᠨ ᠤ ᠡᠩ ᠤᠨ ᠲᠤᠮᠳᠠᠳᠤ ᠰᠤᠷᠭᠠᠭᠤᠯᠢ ᠶᠢᠨ ᠤᠨᠴᠠ ᠠᠪᠢᠶᠠᠰ ᠲᠠᠢ ᠰᠤᠷᠤᠭᠴᠢ | ᠡᠯᠰᠡᠬᠦ ᠲᠦᠯᠦᠪᠯᠡᠭᠡ ︵ᠠᠯᠪᠠᠨ ᠤ ᠰᠤᠷᠭᠠᠭᠤᠯᠢ︶︾ ᠠᠴᠠ ᠤᠶᠢᠯᠠᠭᠠᠭᠰᠠᠨ ᠢᠶᠠᠷ᠂ ᠬᠦᠬᠡᠬᠤᠳᠠ ᠶᠢᠨ 25 | ᠰᠤᠷᠭᠠᠭᠤᠯᠢ ᠤᠨᠴᠠ ᠠᠪᠢᠶᠠᠰ ᠲᠠᠢ ᠰᠤᠷᠤᠭᠴᠢ 840 ᠡᠯᠰᠡᠬᠦ ᠪᠠᠷ ᠪᠤᠢ᠃ | ᠤᠶᠢᠯᠠᠭᠠᠭᠰᠠᠨ ᠢᠶᠠᠷ᠂ ᠤᠷᠠᠯᠢᠭ ᠤᠨ ᠤᠨᠴᠠ ᠠᠪᠢᠶᠠᠰ ᠲᠠᠢ ᠰᠤᠷᠤᠭᠴᠢ ᠶᠢᠨ ᠬᠠᠮᠤᠭ ᠤᠨ ᠲᠤᠤᠷ᠎ᠠ | ᠬᠤᠪᠢ ᠨᠢ ᠬᠦᠬᠡᠬᠤᠳᠠ ᠶᠢᠨ ᠡᠩ ᠤᠨ ᠰᠤᠷᠤᠭᠴᠢ ᠡᠯᠰᠡᠬᠦ ᠬᠠᠮᠤᠭ ᠤᠨ ᠲᠤᠤᠷ᠎ᠠ ᠬᠤᠪᠢ ᠶᠢᠨ ᠱᠤᠭᠤᠮ ᠤᠨ | 80%᠂ ᠲᠠᠮᠢᠷ ᠤᠨ ᠤᠨᠴᠠ ᠠᠪᠢᠶᠠᠰ ᠲᠠᠢ ᠰᠤᠷᠤᠭᠴᠢ ᠡᠯᠰᠡᠬᠦ ᠬᠤᠪᠢ ᠨᠢ ᠡᠩ ᠤᠨ ᠰᠤᠷᠤᠭᠴᠢ ᠡᠯᠰᠡᠬᠦ | ᠬᠠᠮᠤᠭ ᠤᠨ ᠲᠤᠤᠷ᠎ᠠ ᠬᠤᠪᠢ ᠶᠢᠨ 70% ᠪᠤᠯᠤᠨ᠎ᠠ᠃ ᠬᠦᠬᠡᠬᠤᠳᠠ ᠶᠢᠨ ᠲᠠᠮᠢᠷ ᠤᠷᠠᠯᠢᠭ ᠤᠨ ᠤᠨᠴᠠ | ᠠᠪᠢᠶᠠᠰ ᠲᠠᠢ ᠰᠤᠷᠤᠭᠴᠢ ᠶᠢᠨ ᠡᠯᠰᠡᠬᠦᠯᠦᠭᠰᠡᠨ ᠳ᠋ᠦᠩ ᠢ 7 ᠰᠠᠷ᠎ᠠ ᠶᠢᠨ 7 ᠤ ᠡᠳᠤᠷ ᠨᠡᠶᠢᠳᠡᠯᠡᠵᠤ᠂ ᠲᠤᠬᠠᠢ ᠶᠢᠨ | ᠴᠠᠭ ᠲᠤ ᠨᠢ ᠬᠠᠶᠢᠨ ᠯᠠᠪᠯᠠᠵᠤ ᠪᠤᠯᠤᠨ᠎ᠠ᠃ |