ᠮᠠᠨ ᠤ ᠤᠷᠤᠨ 2018 ᠤᠨ ᠤ ᠰᠦᠢᠳᠬᠡᠯ ᠬᠤᠷᠢᠶᠠᠬᠤ ᠦᠬᠡᠢ ᠪᠠᠷ ᠪᠠᠭᠰᠢ ᠪᠡ ᠡᠮᠴᠢ ᠬᠦᠮᠦᠵᠢᠬᠦᠯᠬᠦ ᠲᠦᠯᠦᠪᠯᠡᠭᠡ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2018-07-09
      ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠲᠦᠪ ᠤᠨ ᠬᠢᠨ᠂ ᠰᠦᠢᠳᠬᠡᠯ ᠬᠤᠷᠢᠶᠠᠬᠤ ᠦᠬᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠤᠯᠤᠰ ᠤᠨ ᠪᠠ ᠤᠷᠤᠨ ᠨᠤᠳᠤᠭ ᠤᠨ ᠲᠦᠯᠦᠪᠯᠡᠭᠡ ᠵᠢᠴᠢ ᠤᠯᠤᠰ ᠤᠨ ᠰᠦᠢᠳᠬᠡᠯ ᠬᠤᠷᠢᠶᠠᠬᠤ ᠦᠬᠡᠢ ᠠᠨᠠᠭᠠᠬᠤ ᠤᠬᠠᠭᠠᠨ ᠤ ᠰᠤᠷᠤᠭᠴᠢ ᠬᠦᠮᠦᠵᠢᠬᠦᠯᠬᠦ ᠲᠦᠯᠦᠪᠯᠡᠭᠡ ᠶᠢ ᠨᠡᠶᠢᠳᠡᠯᠡᠭᠰᠡᠨ ᠪᠠᠶᠢᠨ᠎ᠠ᠃     ᠤᠯᠤᠰ ᠤᠨ ᠰᠦᠢᠳᠬᠡᠯ ᠬᠤᠷᠢᠶᠠᠬᠤ ᠦᠬᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠵᠢᠩᠬᠢᠨᠢ ᠠᠩᠬᠢ ᠶᠢᠨ ᠤᠷᠢᠳᠴᠢᠯᠠᠨ ᠡᠯᠰᠡᠬᠦ A ᠪᠦᠯᠦᠭ ᠲᠤ ᠳᠤᠬᠢᠷᠠᠭᠤᠯᠵᠤ᠂ 2018 ᠤᠨ ᠳᠤ 6 ᠶᠡᠭᠡ ᠰᠤᠷᠭᠠᠭᠤᠯᠢ 271 ᠰᠤᠷᠤᠭᠴᠢ ᠡᠯᠰᠡᠨ᠎ᠡ᠃ ᠡᠬᠦᠨ ᠳᠤ᠂ ᠪᠡᠬᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠵᠡᠬᠦᠨ ᠬᠤᠶᠢᠳᠤ ᠶᠢᠨ ᠪᠠᠭᠰᠢ ᠶᠢᠨ ᠶᠡᠭᠡ ᠰᠤᠷᠭᠠᠭᠤᠯᠢ᠂ ᠬᠤᠸᠠᠵᠦ᠋ᠩ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠪᠠ ᠪᠠᠷᠠᠭᠤᠨ ᠡᠮᠦᠨᠡᠳᠤ ᠶᠢᠨ ᠪᠠᠭᠰᠢ ᠶᠢᠨ ᠶᠡᠭᠡ ᠰᠤᠷᠭᠠᠭᠤᠯᠢ ᠵᠡᠷᠬᠡ 6 ᠶᠡᠭᠡ ᠰᠤᠷᠭᠠᠭᠤᠯᠢ ᠨᠢ ᠰᠤᠷᠭᠠᠨ ᠬᠦᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠪᠤᠯᠤᠨ᠎ᠠ᠃ ᠤᠯᠤᠰ ᠤᠨ ᠰᠦᠢᠳᠬᠡᠯ ᠬᠤᠷᠢᠶᠠᠬᠤ ᠦᠬᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠬᠡᠷᠡᠭᠵᠢᠬᠦᠯᠵᠦ᠂ ᠰᠤᠷᠤᠯᠭ᠎ᠠ ᠶᠢᠨ ᠰᠦᠢᠳᠬᠡᠯ᠂ ᠪᠠᠶᠢᠷᠢ ᠶᠢᠨ ᠰᠦᠢᠳᠬᠡᠯ᠂ ᠰᠤᠷᠤᠭᠴᠢ ᠶᠢᠨ ᠠᠮᠢᠳᠤᠷᠠᠯ ᠤᠨ ᠨᠦᠬᠦᠪᠦᠷᠢ ᠶᠢ ᠲᠦᠪ ᠤᠨ ᠡᠳ᠋ ᠤᠨ ᠵᠠᠰᠠᠭ ᠠᠴᠠ ᠳᠤᠬᠢᠷᠠᠭᠤᠯᠳᠠᠭ᠃      2018 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠠ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠨᠢ ᠤᠷᠤᠨ ᠨᠤᠳᠤᠭ ᠤᠨ ᠰᠦᠢᠳᠬᠡᠯ ᠬᠤᠷᠢᠶᠠᠬᠤ ᠦᠬᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠪᠠᠷ 405 ᠰᠤᠷᠤᠭᠴᠢ ᠡᠯᠰᠡᠨ᠎ᠡ᠃ ᠰᠤᠷᠤᠭᠴᠢ ᠡᠯᠰᠡᠬᠦ ᠲᠦᠯᠦᠪᠯᠡᠭᠡ ᠶᠢ ᠵᠢᠩᠬᠢᠨᠢ ᠠᠩᠬᠢ ᠶᠢᠨ ᠤᠷᠢᠳᠴᠢᠯᠠᠨ ᠡᠯᠰᠡᠬᠦ A ᠪᠦᠯᠦᠭ ᠲᠤ ᠳᠤᠬᠢᠷᠠᠭᠤᠯᠪᠠ᠂ ᠡᠬᠦᠨ ᠳᠤ ᠡᠩ ᠤᠨ ᠨᠡᠶᠢᠬᠡᠮ ᠤᠨ ᠰᠢᠨᠵᠢᠯᠡᠬᠦ ᠤᠬᠠᠭᠠᠨ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠤᠩᠭᠤᠯ ᠢᠶᠠᠷ ᠬᠢᠴᠢᠶᠡᠯᠯᠡᠬᠦ ᠡᠩ ᠤᠨ ᠨᠡᠶᠢᠬᠡᠮ ᠤᠨ ᠰᠢᠨᠵᠢᠯᠡᠬᠦ ᠤᠬᠠᠭᠠᠨ᠂ ᠮᠤᠩᠭᠤᠯ ᠢᠶᠠᠷ ᠬᠢᠴᠢᠶᠡᠯᠯᠡᠬᠦ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠬᠢᠳᠠᠳ ᠢᠶᠠᠷ ᠬᠢᠴᠢᠶᠡᠯᠯᠡᠬᠦ ᠤᠷᠠᠨ ᠵᠢᠷᠤᠭ᠂ ᠬᠢᠳᠠᠳ ᠢᠶᠠᠷ ᠬᠢᠴᠢᠶᠡᠯᠯᠡᠬᠦ ᠳᠠᠭᠤᠤ ᠬᠦᠭᠵᠢᠮ ᠂ ᠬᠢᠳᠠᠳ ᠢᠶᠠᠷ ᠬᠢᠴᠢᠶᠡᠯᠯᠡᠬᠦ ᠳᠠᠮᠢᠷ ᠵᠡᠷᠬᠡ 7 ᠲᠦᠷᠦᠯ ᠢᠶᠠᠷ ᠰᠤᠷᠤᠭᠴᠢ ᠡᠯᠰᠡᠨ᠎ᠡ᠃      2018 ᠤᠨ ᠤ ᠤᠯᠤᠰ ᠤᠨ ᠰᠦᠢᠳᠬᠡᠯ ᠬᠤᠷᠢᠶᠠᠬᠤ ᠦᠬᠡᠢ ᠠᠨᠠᠭᠠᠬᠤ ᠤᠬᠠᠭᠠᠨ ᠤ ᠰᠤᠷᠤᠭᠴᠢ ᠬᠦᠮᠦᠵᠢᠬᠦᠯᠬᠦ ᠲᠦᠯᠦᠪᠯᠡᠭᠡ ᠪᠠᠷ 180 ᠰᠤᠷᠤᠭᠴᠢ ᠡᠯᠰᠡᠨ᠎ᠡ᠃ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠡᠩ ᠤᠨ ᠪᠠᠶᠢᠭᠠᠯᠢ ᠶᠢᠨ ᠰᠢᠨᠵᠢᠯᠡᠬᠦ ᠤᠠᠬᠭᠠᠨ ᠤ ᠲᠦᠷᠦᠯ ᠠᠴᠠ 70 ᠰᠤᠷᠤᠭᠴᠢ᠂ ᠮᠤᠩᠭᠤᠯ ᠢᠶᠠᠷ ᠬᠢᠴᠢᠶᠡᠯᠯᠡᠬᠦ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠠᠴᠠ 30 ᠰᠤᠷᠤᠭᠴᠢ ᠡᠯᠰᠡᠨ᠎ᠡ᠃      ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠬᠡᠵᠢᠯ ᠤᠨ ᠶᠡᠭᠡ ᠰᠤᠷᠭᠠᠭᠤᠯᠢ ᠶᠢᠨ ᠪᠤᠭᠤᠳᠤ ᠶᠢᠨ ᠡᠮᠨᠡᠯᠬᠡ ᠶᠢᠨ ᠳᠡᠬᠡᠳᠤ ᠰᠤᠷᠭᠠᠭᠤᠯᠢ ᠡᠩ ᠤᠨ ᠪᠠᠶᠢᠷᠢ ᠶᠢᠨ ᠰᠢᠨᠵᠢᠯᠡᠬᠦ ᠤᠬᠠᠭᠠᠨ ᠤ ᠲᠦᠷᠦᠯ ᠠᠴᠠ 30 ᠰᠤᠷᠤᠭᠴᠢ ᠡᠯᠰᠡᠨ᠎ᠡ᠃ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠮᠤᠩᠭᠤᠯ ᠢᠶᠠᠷ ᠬᠢᠴᠢᠶᠡᠯᠯᠡᠬᠦ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠠᠴᠠ 30 ᠰᠤᠷᠤᠭᠴᠢ ᠡᠯᠰᠡᠨ᠎ᠡ᠃ ᠤᠯᠠᠭᠠᠨᠬᠠᠳᠠ ᠳᠡᠬᠡᠳᠤ ᠰᠤᠷᠭᠠᠭᠤᠯᠢ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠠᠴᠠ 20 ᠰᠤᠷᠤᠭᠴᠢ ᠡᠯᠰᠡᠨ᠎ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号