8 ᠳ᠋ᠤᠭᠠᠷ ᠰᠠᠷ᠎ᠠ ᠶᠢᠨ 1 ᠤ ᠡᠳᠤᠷ᠂ ᠬᠤᠲᠠ ᠶᠢᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠦ ᠰᠢᠶᠣᠣ ᠶᠠᠨ ᠦᠴᠦᠸᠠᠨ ᠰᠢᠶᠠᠨ ᠳᠤ ᠢᠷᠡᠵᠤ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠥᠲᠦᠭᠡᠨ ᠪᠠᠶᠢᠭᠤᠯᠤᠯᠲᠠ ᠶᠢᠨ | ᠠᠵᠢᠯ ᠢ ᠪᠠᠶᠢᠴᠠᠭᠠᠨ ᠰᠣᠳᠤᠯᠪᠠ᠃ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠡᠤ ᠸᠧᠨ ᠪᠢᠶᠣᠣ᠂ ᠳᠡᠳ᠋ ᠲᠡᠷᠢᠭᠦᠯᠡᠭᠴᠢ ᠭᠤᠣ ᠯᠠᠨ ᠭᠧᠨ᠂ ᠰᠢᠶᠠᠨ ᠤ ᠳᠡᠳ᠋ ᠳᠠᠷᠤᠭ᠎ᠠ | ᠵᠠᠩ ᠸᠧᠢ ᠭᠤᠸᠠᠩ ᠵᠢᠴᠢ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠵᠠᠰᠠᠭ ᠤᠨ | ᠣᠷᠳᠤᠨ ᠤ ᠠᠯᠪᠠᠨ ᠭᠡᠷ ᠪᠠ ᠡᠷᠡᠭᠦᠯ ᠬᠠᠮᠠᠭᠠᠯᠠᠯ ᠪᠠ ᠲᠥᠯᠦᠪᠯᠡᠭᠡᠲᠤ ᠦᠷᠡᠵᠢᠯ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠪᠠᠷ᠎ᠠ ᠪᠣᠯᠪᠠ᠃ | ᠪᠠᠶᠢᠴᠠᠭᠠᠨ ᠰᠣᠳᠤᠯᠬᠤ ᠳᠤᠭᠤᠶᠢᠯᠠᠩ ᠣᠷᠢᠳᠠᠪᠡᠷ ᠵᠠᠩ ᠸᠧᠢ ᠭᠤᠸᠠᠩ ᠤᠨ ᠪᠦᠬᠦ ᠰᠢᠶᠠᠨ ᠤ ᠦᠨᠳᠦᠰᠦᠨ | ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ ᠪᠥᠲᠦᠭᠡᠨ ᠪᠠᠶᠢᠭᠤᠯᠤᠯᠲᠠ ᠶᠢᠨ ᠠᠵᠢᠯ ᠤᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠤᠰᠪᠠ︔ ᠳᠠᠷᠠᠭ᠎ᠠ ᠨᠢ ᠲᠤᠬᠠᠢ ᠶᠢᠨ ᠭᠠᠵᠠᠷ ᠲᠤ ᠨᠢ ᠬᠦᠷᠴᠤ | ᠳ᠋ᠧ ᠱᠧᠩ ᠭᠸᠤ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠪᠠᠷᠠᠭᠤᠨ ᠣᠯᠠᠭᠠᠨᠪᠤᠯᠠᠭ ᠪᠠᠯᠭᠠᠰᠤᠨ ᠤ ᠭᠤᠣᠯ | ᠡᠷᠡᠭᠦᠯ ᠬᠠᠮᠠᠭᠠᠯᠠᠯ ᠤᠨ ᠬᠤᠷᠢᠶ᠎ᠠ ᠪᠠ ᠵᠡᠭᠦᠨ ᠲᠤ ᠴᠧᠩ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠴᠠᠭᠠᠨ | ᠰᠣᠳᠤᠯᠪᠠ᠃ | ᠪᠠᠶᠢᠴᠠᠭᠠᠨ ᠰᠣᠳᠤᠯᠬᠤ ᠳᠤᠭᠤᠶᠢᠯᠠᠩ ᠤᠨ ᠦᠵᠡᠬᠦ ᠪᠠᠷ᠂ ᠤᠶᠢᠷ᠎ᠠ ᠶᠢᠨ ᠵᠢᠯ ᠳᠤ ᠦᠴᠦᠸᠠᠨ ᠰᠢᠶᠠᠨ | ᠦᠪᠡᠷ ᠤᠨ ᠪᠣᠳᠠᠳᠤ ᠪᠠᠶᠢᠳᠠᠯ ᠢᠶᠠᠨ ᠦᠨᠳᠦᠰᠦᠯᠡᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠥᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠠᠮᠵᠢᠯᠲᠠ ᠣᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ | ᠤ ᠴᠢᠳᠠᠪᠤᠷᠢ ᠪᠠ ᠬᠢᠷᠢ ᠲᠥᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠤ᠂ ᠠᠵᠤ ᠠᠬᠤᠢ ᠨᠡᠶᠢᠭᠡᠮ ᠪᠠ ᠡᠷᠡᠭᠦᠯ | ᠬᠠᠮᠠᠭᠠᠯᠠᠯ ᠤᠨ ᠦᠢᠯᠡᠰ ᠤᠨ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠪᠡ᠃ ᠪᠠᠶᠢᠴᠠᠭᠠᠨ ᠰᠣᠳᠤᠯᠬᠤ ᠳᠤᠭᠤᠶᠢᠯᠠᠩ | ᠤᠨ ᠬᠢᠨ ᠢᠯᠡᠷᠬᠡᠶᠢᠯᠡᠭᠰᠡᠨ ᠨᠢ᠂ ᠪᠠᠶᠢᠴᠠᠭᠠᠨ ᠰᠣᠳᠤᠯᠤᠯᠲᠠ ᠳᠣᠮᠳᠠ ᠢᠯᠡᠷᠡᠭᠦᠯᠦᠭᠰᠡᠨ ᠠᠰᠠᠭᠤᠳᠠᠯ ᠳᠤ ᠨᠠᠷᠢᠨ | ᠬᠢᠨᠠᠮᠠᠭᠠᠢ ᠳ᠋ᠦᠩᠨᠡᠯᠲᠡ ᠡᠮᠬᠢᠳᠬᠡᠯ ᠬᠢᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠤᠨ ᠪᠥᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠰᠠᠨᠠᠯ ᠵᠦᠪᠯᠡᠯᠭᠡ ᠳᠤᠷᠠᠳᠤᠨ | ᠠᠷᠭ᠎ᠠ ᠤᠬᠠᠭᠠᠨ ᠭᠠᠷᠭᠠᠬᠤ ᠪᠣᠯᠤᠨ᠎ᠠ ᠭᠡᠪᠡ᠃ |