| | | 8 ᠳ᠋ᠤᠭᠠᠷ ᠰᠠᠷ᠎ᠠ ᠶᠢᠨ 6 ᠤ ᠡᠳᠤᠷ᠂ 2018 ᠣᠨ ᠤ ᠴᠡᠷᠢᠭ ᠡᠯᠰᠡᠬᠦ ᠠᠵᠢᠯ ᠤᠨ ᠬᠤᠷᠠᠯ | ᠬᠤᠷᠠᠯᠳᠤᠭᠤᠯᠵᠤ᠂ ᠬᠤᠲᠠ ᠶᠢᠨ ᠴᠡᠷᠢᠭ ᠡᠯᠰᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠵᠤᠨ ᠨᠠᠮᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ | ᠸᠠᠩ ᠶᠤᠸᠠᠢ ᠾᠦᠩ ᠬᠤᠷᠠᠯ ᠳᠤ ᠣᠷᠤᠯᠴᠠᠬᠤ ᠶᠢᠨ ᠬᠠᠮᠲᠤ ᠶᠠᠷᠢᠶ᠎ᠠ ᠲᠠᠯᠪᠢᠪᠠ᠂ ᠡᠯ᠎ᠡ ᠰᠢᠶᠠᠩ ᠪᠠᠯᠭᠠᠰᠤ ᠶᠢᠨ | ᠪᠠᠯᠭᠠᠰᠤᠨ ᠳᠠᠷᠤᠭ᠎ᠠ᠂ ᠰᠢᠶᠠᠨ ᠤ ᠴᠡᠷᠢᠭ ᠡᠯᠰᠡᠬᠦ ᠤᠳᠤᠷᠢᠳᠬᠤ ᠪᠠᠭ᠎ᠠ ᠳᠤᠭᠤᠶᠢᠯᠠᠩ ᠤᠨ ᠡᠯ᠎ᠡ ᠪᠦᠷᠢᠯᠳᠦᠭᠦᠨ | ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃ | ᠸᠠᠩ ᠶᠤᠸᠠᠢ ᠾᠦᠩ ᠴᠢᠩᠭᠠᠳᠬᠠᠭᠰᠠᠨ ᠨᠢ᠂ ᠨᠢᠭᠡ ᠳᠤ ᠦᠵᠡᠯ ᠲᠠᠨᠢᠯᠲᠠ ᠪᠠᠨ ᠨᠢᠭᠡᠳᠬᠡᠵᠤ᠂ ᠴᠡᠷᠢᠭ ᠡᠯᠰᠡᠬᠦ | ᠠᠵᠢᠯ ᠢ ᠴᠢᠬᠤᠯᠠ ᠶᠡᠭᠡ ᠪᠠᠶᠢᠯᠳᠤᠬᠤ ᠪᠣᠳᠤᠯᠭ᠎ᠠ ᠶᠢᠨ ᠢᠨᠵᠧᠨᠧᠷᠢᠭ ᠪᠣᠯᠭᠠᠨ ᠲᠦᠯᠬᠢᠨ ᠠᠬᠢᠭᠤᠯᠵᠤ᠂ ᠴᠡᠷᠢᠭ | ᠡᠯᠰᠡᠬᠦ ᠠᠵᠢᠯ ᠤᠨ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠤ ᠰᠡᠳᠭᠢᠯᠭᠡ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠠᠢ᠃ ᠬᠤᠶᠠᠷ ᠲᠤ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠴᠡᠷᠢᠭ ᠡᠯᠰᠡᠬᠦ ᠠᠵᠢᠯ ᠤᠨ | ᠴᠢᠨᠠᠷᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠠᠢ᠃ ᠭᠤᠷᠪᠠ ᠳᠤ ᠬᠠᠷᠠᠭᠠᠯᠵᠠᠨ ᠲᠥᠪᠬᠢᠨᠡᠭᠦᠯᠬᠦ ᠠᠵᠢᠯ ᠢ | ᠰᠠᠶᠢᠲᠤᠷ ᠠᠳᠬᠤᠵᠤ᠂ ᠴᠡᠷᠢᠭ ᠬᠥᠮᠦᠨ ᠤ ᠠᠵᠢᠯ ᠤᠨ ᠳᠠᠪᠠᠭᠤᠯᠢᠭ ᠰᠡᠳᠭᠢᠯᠭᠡ᠂ ᠨᠡᠶᠢᠭᠡᠮ ᠤᠨ ᠠᠳᠠᠯᠢᠰᠢᠶᠠᠯ | ᠰᠡᠳᠭᠢᠯᠭᠡ ᠶᠢ ᠦᠨᠡᠨᠬᠦ ᠨᠡᠮᠡᠭᠳᠡᠭᠦᠯᠵᠤ᠂ ᠴᠡᠷᠢᠭ ᠢ ᠬᠠᠯᠠᠮᠵᠢᠯᠠᠨ᠂ ᠴᠡᠷᠢᠭ ᠢ ᠬᠦᠷᠢᠶᠡᠯᠡᠬᠦ ᠭᠦᠨ ᠵᠤᠵᠠᠭᠠᠨ ᠨᠡᠶᠢᠭᠡᠮ ᠤᠨ | ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠠᠢ᠃ ᠳᠥᠷᠪᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠠᠵᠢᠯ ᠤᠨ | ᠡᠭᠦᠷᠭᠡ ᠲᠤᠰᠢᠶᠠᠯ ᠢᠶᠠᠨ ᠲᠣᠳᠤᠷᠬᠠᠶᠢᠯᠠᠵᠤ᠂ ᠵᠢᠯ ᠤᠨ ᠴᠡᠷᠢᠭ ᠡᠯᠰᠡᠬᠦ ᠠᠵᠢᠯ ᠤᠨ ᠢᠯᠭᠤᠮ ᠣᠷᠤᠭᠰᠢᠲᠠᠢ | ᠪᠡᠶᠡᠯᠡᠭᠳᠡᠬᠦ ᠶᠢ ᠪᠠᠲᠤᠯᠠᠬᠤ ᠬᠡᠷᠡᠭᠲᠠᠢ ᠭᠡᠪᠡ᠃ | ᠬᠤᠷᠠᠯ ᠠᠴᠠ ᠪᠠᠰᠠ ᠴᠡᠷᠢᠭ ᠡᠯᠰᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ | ᠵᠢᠷᠤᠪᠠ᠃ |