ᠴᠧᠨ ᠯᠢ ᠶᠢᠨ ᠵᠠᠰᠠᠭ ᠤᠨ ᠣᠷᠳᠣᠨ ᠤ ᠥᠭᠴᠡᠭᠡ ᠶᠢ ᠠᠷᠢᠯᠭᠠᠬᠤ ᠠᠵᠢᠯ ᠤᠨ ᠵᠣᠬᠢᠴᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-08-10
     8 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠨᠠᠮ ᠵᠠᠰᠠᠭ ᠤᠨ ᠠᠯᠪᠠᠨ ᠠᠰᠠᠷ ᠤᠨ401 ᠬᠤᠷᠠᠯ ᠤᠨ ᠭᠡᠷ ᠲᠤ ᠪᠦᠬᠦ ᠰᠢᠶᠠᠨ ᠤ ᠵᠠᠰᠠᠭ ᠤᠨ ᠣᠷᠳᠣᠨ ᠤ ᠥᠭᠴᠡᠭᠡ ᠶᠢ ᠠᠷᠢᠯᠭᠠᠬᠤ ᠠᠵᠢᠯ ᠤᠨ ᠵᠣᠬᠢᠴᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠵᠠᠩ ᠯᠢᠨ ᠯᠢᠨ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ᠂ ᠡᠳ᠋ ᠤᠨ ᠵᠠᠰᠠᠭ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠸᠠᠩ ᠯᠢ ᠵᠤ᠋᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ᠂ ᠣᠷᠣᠨ ᠰᠠᠭᠤᠴᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠫᠦ᠋ ᠰᠢ ᠸᠠᠨ᠂ ᠰᠢᠶᠠᠨ ᠤ ᠳᠡᠳ᠋ ᠳᠠᠷᠤᠭ᠎ᠠ ᠲᠣᠶᠠᠭ᠎ᠠ᠂ ᠭᠦᠸᠧ ᠸᠧᠨ ᠵᠢᠶᠦ᠋ᠨ᠂ ᠠᠵᠣ ᠠᠬᠤᠢ ᠶᠢ ᠨᠡᠭᠡᠭᠡᠨ ᠬᠦᠭᠵᠢᠭᠦᠯᠬᠦ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠣᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠵᠢᠴᠢ ᠡᠯ᠎ᠡ ᠰᠢᠶᠠᠩ ᠪᠠᠯᠭᠠᠰᠣ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠣ ︵ᠬᠦᠷᠢᠶᠡᠯᠡᠩ ᠲᠣᠭᠤᠷᠢᠭ︶᠂ ᠰᠠᠯᠠᠭ᠎ᠠ ᠮᠦᠴᠢᠷ ᠲᠣᠰ ᠪᠠᠶᠢᠭᠤᠯᠭ᠎ᠠ ᠶᠢᠨ ᠢᠶᠠᠨ ᠥᠭᠴᠡᠭᠡ ᠶᠢ ᠠᠷᠢᠯᠭᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠦᠯᠲᠡ ᠬᠢᠪᠡ᠃      ᠴᠧᠨ ᠯᠢ ᠶᠢᠨ ᠵᠢᠭᠠᠵᠣ ᠭᠠᠷᠭᠠᠭᠰᠠᠨ ᠨᠢ᠂ ᠣᠳᠣ ᠶᠢᠨ ᠪᠠᠶᠢᠳᠠᠯ ᠠᠴᠠ ᠦᠵᠡᠬᠦ ᠳᠤ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠠᠷᠪᠠᠨ ᠵᠦᠢᠯ ᠤᠨ ᠠᠭᠤᠯᠭ᠎ᠠ ᠶᠢᠨ ᠥᠭᠴᠡᠭᠡᠨ ᠤ ᠲᠤᠭ᠎ᠠ ᠬᠡᠮᠵᠢᠶ᠎ᠡ ᠮᠠᠰᠢ ᠢᠯᠡ ᠲᠣᠳᠣᠷᠬᠠᠢ᠂ ᠪᠠᠷᠢᠯᠭ᠎ᠠ ᠬᠢᠭᠰᠡᠨ ᠨᠢᠭᠡᠴᠡ ᠬᠢᠨᠠᠨ ᠪᠣᠳᠣᠯᠲᠠ ᠶᠢᠨ ᠦᠷ᠎ᠡ ᠳ᠋ᠦᠩ ᠢ ᠬᠦᠯᠢᠶᠡᠨ ᠠᠪᠬᠤ ᠦᠭᠡᠢ ᠠᠴᠠ ᠪᠣᠯᠵᠤ᠂ ᠢᠨᠵᠧᠨᠧᠷᠢᠩ ᠤᠨ ᠥᠭᠴᠡᠭᠡᠨ ᠤ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠲᠣᠰᠢᠶᠠᠵᠣ ᠳᠡᠶᠢᠯᠦᠭᠡ ᠦᠭᠡᠢ ᠃ ᠭᠡᠪᠡᠴᠦ ᠬᠤᠲᠠ ᠶᠢᠨ ᠱᠠᠭᠠᠷᠳᠠᠯᠭ᠎ᠠ ᠪᠣᠯ8 ᠳ᠋ᠤᠭᠠᠷ ᠰᠠᠷ᠎ᠠ ᠶᠢᠨ ᠡᠬᠢᠨ ᠳᠤ ᠵᠠᠪᠠᠯ ᠬᠢᠨᠠᠨ ᠪᠣᠳᠣᠯᠳᠠ ᠶᠢᠨ ᠮᠡᠳᠡᠭᠦᠯᠦᠯᠲᠡ ᠪᠠᠨ ᠲᠣᠰᠢᠶᠠᠬᠤ ᠬᠡᠷᠡᠭᠲᠡᠢ ᠭᠡᠰᠡᠨ ᠪᠠᠶᠢᠨ᠎ᠠ ᠭᠡᠵᠡᠢ᠃      ᠴᠧᠨ ᠯᠢ ᠶᠢᠨ ᠱᠠᠭᠠᠷᠳᠠᠭᠰᠠᠨ ᠨᠢ᠂ ᠣᠳᠣᠬᠠᠨ ᠤ ᠬᠢᠨᠠᠨ ᠪᠣᠳᠣᠯᠲᠠ ᠶᠢᠨ ᠠᠬᠢᠴᠠ ᠪᠠᠷ ᠡᠯ᠎ᠡ ᠰᠢᠶᠠᠩ ᠪᠠᠯᠭᠠᠰᠣ ᠵᠠᠪᠠᠯ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠥᠭᠴᠡᠭᠡᠨ ᠤ ᠪᠠᠶᠢᠳᠠᠯ ᠢ ᠦᠷᠭᠦᠯᠵᠢᠯᠡᠨ ᠬᠢᠨᠠᠨ ᠬᠠᠷᠭᠤᠭᠤᠯᠬᠤ ᠬᠡᠷᠡᠭᠲᠡᠢ᠃ ᠡᠨᠡ ᠭᠠᠷᠠᠭ ᠤᠨ ᠳᠣᠲᠣᠷ᠎ᠠ ᠡᠯ᠎ᠡ ᠰᠢᠶᠠᠩ ᠪᠠᠯᠭᠠᠰᠣ ᠵᠠᠪᠠᠯ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠨᠢᠭᠡᠨᠲᠡ ᠥᠭᠭᠦᠭᠰᠡᠨ ᠪᠠ ᠥᠭᠭᠦᠭᠡ ᠦᠭᠡᠢ ᠣᠨᠣᠪᠴᠢᠲᠠᠢ ᠲᠤᠭ᠎ᠠ ᠶᠢ ᠰᠢᠶᠠᠨ ᠤ ᠵᠠᠰᠠᠭ ᠤᠨ ᠣᠷᠳᠣᠨ ᠳᠤ ᠲᠣᠰᠢᠶᠠᠬᠤ ᠬᠡᠷᠡᠭᠲᠡᠢ᠃ ᠡᠯ᠎ᠡ ᠰᠢᠶᠠᠩ ᠪᠠᠯᠭᠠᠰᠣ ᠵᠠᠪᠠᠯ ᠰᠠᠶᠢᠲᠣᠷ ᠵᠣᠬᠢᠶᠠᠨ ᠪᠠᠶᠢᠭᠤᠯᠵᠣ᠂ ᠬᠢᠨᠠᠨ ᠬᠠᠷᠭᠤᠭᠤᠯᠬᠤ ᠠᠵᠢᠯ ᠢ ᠨᠠᠷᠢᠯᠢᠭ ᠬᠢᠨᠠᠮᠠᠭᠠᠢ ᠬᠢᠵᠦ᠂ ᠡᠨᠡ ᠭᠠᠷᠠᠭ ᠤᠨ ᠡᠴᠦᠰ ᠰᠢᠶᠠᠨ ᠤ ᠡᠳ᠋ ᠤᠨ ᠵᠠᠰᠠᠭ ᠠᠴᠠ ᠬᠡᠰᠡᠭ ᠪᠦᠯᠦᠭ ᠥᠭᠴᠡᠭᠡᠨ ᠤ ᠮᠦᠩᠭᠦ ᠶᠢ ᠥᠭᠬᠦ ᠪᠠᠷ ᠲᠣᠬᠢᠷᠠᠭᠤᠯᠵᠣ᠂ ᠡᠯ᠎ᠡ ᠰᠢᠶᠠᠩ ᠪᠠᠯᠭᠠᠰᠣ ᠵᠠᠪᠠᠯ ᠠᠯᠢ ᠬᠤᠷᠳᠣᠨ ᠢᠶᠠᠷ ᠰᠣᠯᠢᠵᠣ ᠥᠭᠬᠦ ᠬᠡᠷᠡᠭᠲᠡᠢ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号