ᠭᠤᠷᠪᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠰᠢᠨ᠎ᠡ ᠶᠢ ᠡᠭᠦᠳᠬᠦ︾ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠯᠭᠠᠷᠠᠭᠤᠯᠬᠤ ᠤᠷᠤᠯᠳᠤᠭᠠᠨ ᠵᠢᠴᠢ ᠥᠪᠥᠷ ᠮᠣᠩᠭᠤᠯ ᠤᠨ ᠳᠥᠷᠪᠡᠳᠦᠭᠡᠷ ᠬᠤᠭᠤᠴᠠᠭᠠᠨ ᠤ ︽ᠰᠢᠯᠢ ᠶᠢᠨ ᠭᠤᠣᠯ | ᠬᠤᠨᠳᠠᠭᠠᠲᠤ︾ ᠵᠠᠯᠠᠭᠤᠴᠤᠳ ᠤᠨ ᠠᠳᠠᠯ ᠦᠶ᠋ᠯᠡᠰ ᠴᠣᠭᠴᠠᠯᠠᠵᠤ ᠰᠢᠨ᠎ᠡ ᠶᠢ ᠡᠭᠦᠳᠬᠦ ᠰᠢᠢᠳᠪᠦᠷᠢᠲᠦ | ᠤᠷᠤᠯᠳᠤᠭᠠᠨ᠂ ᠱᠠᠩᠨᠠᠯ ᠣᠯᠭᠤᠬᠤ ᠶᠣᠰᠣᠯᠠᠯ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠷᠠᠳᠢᠣ᠋ | ᠲᠧᠯᠸᠢᠰ ᠬᠤᠷᠢᠶ᠎ᠠ ᠶᠢᠨ ᠨᠡᠪᠲᠡᠷᠡᠭᠦᠯᠬᠦ ᠲᠢᠩᠬᠢᠮ ᠳᠤ ᠲᠡᠭᠦᠰᠪᠡ᠃ | ᠲᠤᠰ ᠤᠳᠠᠭᠠᠨ ᠤ ᠤᠷᠤᠯᠳᠤᠭᠠᠨ ᠨᠢ 7 ᠰᠠᠷ᠎ᠠ ᠠᠴᠠ ᠡᠬᠢᠯᠡᠭᠰᠡᠨ ᠠᠴᠠ ᠨᠠᠰᠢ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠶᠢᠨ 70 ᠲᠦᠷᠦᠯ ᠵᠦᠢᠯᠡᠰ | ᠰᠢᠢᠳᠪᠦᠷᠢᠲᠦ ᠤᠷᠤᠯᠳᠤᠭᠠᠨ ᠳᠤ ᠣᠷᠣᠯᠴᠠᠪᠠ᠃ ᠬᠦᠬᠡᠬᠤᠲᠠ ᠶᠢᠨ 10 ᠡᠯᠰᠡᠭᠳᠡᠭᠰᠡᠨᠲ᠋ᠥ᠋ᠷᠥᠯ ᠵᠦᠢᠯ ᠭᠤᠷᠪᠠᠨ | ᠡᠳᠦᠷ ᠤᠨ ᠥᠪᠥᠷ ᠮᠣᠩᠭᠤᠯ ᠤᠨ ᠬᠤᠪᠢᠶᠠᠷᠢᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠤ ᠬᠤᠷᠴᠠ ᠰᠢᠷᠦᠭᠦᠨ | ᠲᠡᠮᠡᠴᠡᠭᠡᠨ ᠢᠶᠠᠷ ᠲᠠᠮᠵᠢᠵᠤ᠂ ᠰᠢᠨ᠎ᠡ ᠬᠤᠲᠠ ᠲᠣᠭᠤᠷᠢᠭ ᠤᠨ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ︽ ᠤᠶᠤᠨᠲᠤ ᠲᠣᠭᠯᠠᠭᠠᠮ — ᠨᠡᠶᠢᠭᠡᠮ ᠤᠨ ᠠᠰᠠᠷᠠᠮᠵᠢ ᠶᠢᠨ ᠲᠦᠯᠬᠢᠨ | ᠠᠬᠢᠭᠤᠯᠬᠤ ᠲᠠᠪᠴᠠᠩ ᠤᠨ ᠲᠦᠷᠦᠯ ᠵᠦᠢᠯ ︾ ᠰᠢᠢᠳᠪᠦᠷᠢᠲᠦ ᠤᠷᠤᠯᠳᠤᠭᠠᠨ ᠳᠤ ᠨᠢᠭᠡᠳᠦᠭᠡᠷ ᠳᠡᠰ ᠲᠤ | ᠣᠷᠣᠪᠠ᠃ | ᠲᠤᠰ ᠤᠳᠠᠭᠠᠨ ᠤ ᠤᠷᠤᠯᠳᠤᠭᠠᠨ ᠪᠦᠭᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ | ᠨᠡᠶᠢᠲᠡ ᠪᠠᠷ ᠢᠶᠠᠨ ᠰᠢᠨ᠎ᠡ ᠶᠢ ᠡᠭᠦᠳᠴᠤ᠂ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ | ᠦᠷᠭᠡᠳᠭᠡᠨ᠂ ᠠᠳᠠᠯ ᠦᠢᠯᠡᠰ ᠴᠣᠭᠴᠠᠯᠠᠵᠤ ᠂ᠰᠢᠨ᠎ᠡ ᠶᠢ ᠡᠭᠦᠳᠬᠦ ᠬᠦᠷᠢᠶᠡᠨ ᠳᠤ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠬᠤ ᠶᠢ ᠳᠠᠶᠢᠴᠢᠯᠠᠨ᠎ᠠ᠃ |