8 ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠢᠦᠶ | ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ | ︽ᠥᠪᠥᠷ ᠮᠤᠩᠭᠤᠯ ᠤᠨ ᠥᠨᠥᠷ ᠠᠮᠲᠠᠲᠤ︾ ᠲᠠᠯ᠎ᠠ ᠨᠤᠲᠤᠭ ᠤᠨ ᠠᠮᠲᠠᠲᠤ ᠢᠳᠡᠭᠡᠨ ᠤ ᠰᠣᠶᠣᠯ ᠤᠨ ᠨᠠᠶᠢᠷ | ᠵᠢᠴᠢ ᠢᠦᠶ ᠴᠢᠤᠸᠠᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠠᠮᠲᠠᠲᠤ ᠢᠳᠡᠭᠡᠨ ᠱᠣᠣᠮᠠᠶ ᠶᠢᠨ | ᠰᠣᠶᠣᠯ ᠤᠨ ᠪᠦᠳᠦᠭᠡᠯᠴᠢ ᠰᠡᠳᠬᠢᠮᠵᠢ ᠶᠢᠨ ᠳᠡᠯᠭᠡᠨ ᠦᠵᠡᠭᠦᠯᠬᠦ ᠠᠵᠢᠯᠯᠠᠭ᠎ᠠ ᠳ᠋ᠠ ᠱᠧᠩ ᠺᠦᠢ ᠶᠢᠨ ᠡᠮᠦᠨ᠎ᠡ | ᠲᠣᠭᠤᠷᠢᠭ ᠤᠨ ᠬᠤᠶᠢᠲᠤ ᠲᠠᠯᠠᠪᠠᠢ ᠳᠤ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠨᠢᠭᠡ ᠰᠠᠷ᠎ᠠ ᠶᠠᠪᠤᠭᠳᠠᠬᠤ | ᠠᠵᠢᠯᠯᠠᠭ᠎ᠠ ᠳᠤᠮᠳᠠ᠂ ᠦᠪᠡᠷᠮᠢᠴᠡ ᠣᠨᠴᠠᠯᠢᠭ ᠲᠠᠢ ᠲᠤᠯᠤᠭᠠᠨ ᠪᠦᠯᠦᠭ 25 ᠵᠦᠢᠯ ᠤᠨ ᠭᠤᠶᠢᠳᠠ ᠰᠠᠶᠢᠬᠠᠨ | ᠠᠵᠢᠯᠯᠠᠭ᠎ᠠ ᠶᠢ ᠨᠢᠭᠡᠳ ᠨᠢᠭᠡ ᠪᠠᠷ ᠬᠤᠳᠠ ᠶᠢᠨ ᠠᠷᠠᠳ ᠤᠯᠠᠨ ᠳᠤ ᠳᠡᠯᠭᠡᠨ ᠦᠵᠡᠭᠦᠯᠦᠨ᠎ᠡ᠃ | | | | | ᠭᠤᠶᠢᠳᠠ ᠰᠠᠶᠢᠬᠠᠨ ᠪᠣᠯᠪᠠ︕ ᠠᠩᠬᠠᠳᠤᠭᠠᠷ ᠬᠤᠭᠤᠴᠠᠭᠠᠨ ᠤ ︽ᠥᠪᠥᠷ ᠮᠤᠩᠭᠤᠯ ᠤᠨ ᠥᠨᠥᠷ | ᠠᠮᠲᠠᠲᠤ︾ ᠲᠠᠯ᠎ᠠ ᠨᠤᠲᠤᠭ ᠤᠨ ᠠᠮᠲᠠᠲᠤ ᠢᠳᠡᠭᠡᠨ ᠤ ᠰᠣᠶᠣᠯ ᠤᠨ ᠨᠠᠶᠢᠷ ᠵᠢᠴᠢ ᠢᠦᠶ ᠴᠢᠤᠸᠠᠨ ᠲᠣᠭᠤᠷᠢᠭ ᠤᠨ | ᠭᠤᠷᠪᠠᠳᠤᠭᠠᠷ ᠬᠤᠭᠤᠴᠠᠭᠠᠨ ᠤ ᠠᠮᠲᠠᠲᠤ ᠢᠳᠡᠭᠡᠨ ᠱᠣᠣᠮᠠᠶ ᠶᠢᠨ ᠰᠣᠶᠣᠯ ᠤᠨ ᠪᠦᠳᠦᠭᠡᠯᠴᠢ ᠰᠡᠳᠬᠢᠮᠵᠢ ᠶᠢᠨ | ᠳᠡᠯᠭᠡᠨ ᠦᠵᠡᠭᠦᠯᠬᠦ ᠠᠵᠢᠯᠯᠠᠭ᠎ᠠ ᠵᠢᠩᠬᠢᠨᠢ ᠪᠠᠷ ᠡᠬᠢᠯᠡᠪᠡ᠃ | ︽ᠲᠠᠯ᠎ᠠ ᠨᠤᠲᠤᠭ ᠤᠨ ᠠᠮᠲᠠᠲᠤ ᠢᠳᠡᠭᠡᠨ ᠤ ᠰᠣᠶᠣᠯ ᠢ ᠪᠥᠳᠤᠭᠡᠨ ᠪᠠᠶᠢᠭᠤᠯᠬᠤ᠂ ᠠᠮᠲᠠᠲᠤ ᠢᠳᠡᠭᠡᠨ | ᠱᠣᠣᠮᠠᠶ ᠶᠢᠨ ᠰᠣᠳᠣᠨ ᠪᠦᠲᠦᠭᠡᠯ ᠢ ᠳᠡᠯᠭᠡᠨ ᠦᠵᠡᠭᠦᠯᠬᠦ︾ ᠶᠢ ᠬᠦᠯᠢᠶᠡᠨ ᠠᠪᠤᠭᠰᠠᠨ ᠠᠩᠬᠠᠳᠤᠭᠠᠷ | ᠬᠤᠭᠤᠴᠠᠭᠠᠨ ᠤ ︽ᠥᠪᠥᠷ ᠮᠤᠩᠭᠤᠯ ᠤᠨ ᠥᠨᠥᠷ ᠠᠮᠲᠠᠲᠤ︾ ᠲᠠᠯ᠎ᠠ ᠨᠤᠲᠤᠭ ᠤᠨ ᠠᠮᠲᠠᠲᠤ ᠢᠳᠡᠭᠡᠨ ᠤ | ᠰᠣᠶᠣᠯ ᠤᠨ ᠨᠠᠶᠢᠷ ᠵᠢᠴᠢ ᠢᠦᠶ ᠴᠢᠤᠸᠠᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠠᠮᠲᠠᠲᠤ ᠢᠳᠡᠭᠡᠨ | ᠱᠣᠣᠮᠠᠶ ᠶᠢᠨ ᠰᠣᠶᠣᠯ ᠤᠨ ᠪᠦᠳᠦᠭᠡᠯᠴᠢ ᠰᠡᠳᠬᠢᠮᠵᠢ ᠶᠢᠨ ᠳᠡᠯᠭᠡᠨ ᠦᠵᠡᠭᠦᠯᠬᠦ ᠠᠵᠢᠯᠯᠠᠭ᠎ᠠ ᠨᠢ ᠥᠪᠥᠷ | ᠮᠣᠩᠭᠤᠯ ᠤᠨ ᠣᠯᠠᠨ ᠤᠯᠤᠰ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠠᠯᠪᠤᠷᠢ ᠲᠥᠷᠥᠯ ᠵᠦᠢᠯ ᠤᠨ ᠨᠢᠭᠡ | ᠪᠠᠶᠢᠵᠤ᠂ ᠨᠢᠭᠡᠨ ᠤᠳᠠᠭᠠᠨ ᠤ ︽ᠱᠣᠣᠮᠠᠶ︾ ᠶᠢᠨ ᠰᠤᠶᠤᠯ ᠤᠨ ᠠᠭᠤᠯᠤᠭᠳᠠᠬᠤᠨ ᠤ ᠲᠥᠪᠯᠡᠷᠡᠩᠭᠦᠢ ᠦᠪᠡᠳᠡᠭᠰᠢ | ᠶᠡᠭᠡ ᠴᠤᠭᠯᠠᠭᠠᠨ ᠪᠠᠶᠢᠵᠤ᠂ ᠪᠠᠰᠠ ᠴᠤ ᠪᠦᠬᠦ ᠬᠤᠳᠠ ᠶᠢᠨ ᠠᠷᠠᠳ ᠲᠦᠮᠡᠨ ᠳᠤ ᠵᠤᠷᠢᠭᠤᠯᠤᠭᠰᠠᠨ ᠨᠠᠮᠤᠷ ᠤᠨ | ᠡᠬᠢᠨ ᠤ ᠦᠶ᠎ᠡ ᠶᠢᠨ ᠨᠢᠭᠡ ᠤᠳᠠᠭᠠᠨ ᠤ ᠠᠮᠲᠠᠲᠤ ᠢᠳᠡᠭᠡᠨ ᠤ ᠰᠣᠶᠣᠯ ᠤᠨ ᠦᠪᠡᠳᠡᠭᠰᠢ ᠶᠡᠭᠡ ᠨᠠᠶᠢᠷ ᠮᠦᠨ᠃ | ᠡᠨᠡ ᠨᠢ ᠲᠠᠯ᠎ᠠ ᠨᠤᠲᠤᠭ ᠤᠨ ᠠᠮᠲᠠᠲᠤ ᠢᠳᠡᠭᠡᠨ ᠤ ᠰᠣᠶᠣᠯ ᠢ ᠪᠠᠳᠠᠷᠠᠭᠤᠯᠤᠨ᠂ ᠢᠦᠶ ᠴᠢᠤᠸᠠᠨ ᠤ ᠵᠤᠭᠠᠴᠠᠯ ᠤᠨ | ᠰᠣᠶᠣᠯ ᠤᠨ ᠲᠦᠷᠦᠯ ᠲᠡᠮᠳᠡᠭ ᠢ ᠪᠣᠢ ᠪᠣᠯᠭᠠᠬᠤ᠂ ᠢᠦᠶ ᠴᠢᠤᠸᠠᠨ ᠤ ᠰᠣᠶᠣᠯ ᠵᠢᠭᠤᠯᠴᠢᠯᠠᠯ ᠤᠨ ᠭᠤᠣᠯ ᠣᠷᠣᠨ ᠤ | ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠢᠯᠡᠷᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠲᠠᠢ᠃ | | | | | | | | | | | | | | | | | |