ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠡᠷᠦᠩᠬᠡᠶ ᠡᠭᠦᠷᠭᠡ ᠶᠢ ᠦᠨᠳᠦᠰᠦᠯᠡᠨ᠂ ᠪᠦᠬᠦ | ᠰᠢᠶᠠᠨ ᠤ ᠬᠥᠳᠡᠯᠮᠦᠷᠢᠯᠡᠬᠦ ᠴᠢᠳᠠᠪᠤᠷᠢ ᠦᠭᠡᠢ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠲᠣᠭᠲᠠᠪᠤᠷᠢᠲᠠᠶ ᠣᠷᠣᠯᠭ᠎ᠠ ᠶᠢᠨ ᠢᠷᠡᠯᠲᠡ ᠶᠢ ᠪᠦᠲᠦᠮᠵᠢᠲᠡᠶ ᠪᠠᠲᠤᠯᠠᠬᠤ ᠶᠢᠨ ᠲᠤᠰᠠᠳᠠ᠂ ᠴᠢᠩ ᠱᠦᠢ | ᠾᠧ ᠰᠢᠶᠠᠨ 5MW ᠭᠡᠷᠡᠯ ᠴᠠᠬᠢᠯᠭᠠᠨ ᠢᠶᠠᠷ ᠶᠠᠳᠠᠭᠤ ᠶᠢ ᠲᠡᠳᠬᠦᠬᠦ ᠭᠦᠢᠴᠡᠳᠬᠡᠬᠦ ᠲᠤᠭ᠎ᠠ ᠶᠢ ᠤᠯᠬᠤ ᠪᠠᠷ | ᠢᠳᠡᠪᠬᠢᠲᠡᠶ ᠴᠢᠷᠮᠠᠶᠢᠵᠤ᠂ 3850 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠤᠯᠢᠶᠠᠰᠤᠲᠠᠢ ᠰᠢᠶᠠᠩ ᠳᠤ | ᠲᠠᠯᠠᠪᠠᠶ ᠨᠢ 145 ᠮᠦ ᠪᠣᠯᠬᠤ ᠬᠡᠷᠡᠯ ᠢᠶᠠᠷ ᠴᠠᠬᠢᠯᠭᠠᠨ ᠭᠠᠷᠭᠠᠵᠤ ᠶᠠᠳᠠᠭᠤ ᠶᠢ ᠲᠡᠳᠬᠦᠬᠦ ᠲᠥᠷᠥᠯ ᠵᠦᠢᠯ ᠢ | ᠪᠦᠲᠦᠭᠡᠨ ᠪᠠᠶᠢᠭᠤᠯᠵᠤ᠂ ᠲᠣᠰ ᠲᠥᠷᠥᠯ ᠵᠦᠢᠯ ᠢ ᠬᠥᠬᠡᠬᠤᠲᠠ ᠶᠢᠨ ᠯᠢᠶᠠᠨ ᠾᠧ ᠰᠢᠨ᠎ᠡ ᠡᠨᠧᠷᠭᠢ ᠶᠢᠨ | ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠪᠠᠶᠢᠭᠤᠯᠪᠠ᠃ ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ | ᠬᠥᠬᠡᠬᠤᠲᠠ ᠶᠢᠨ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠠᠴᠠ ᠲᠤᠰ ᠲᠦᠷᠦᠯ ᠵᠦᠢᠯ ᠤᠨ ᠪᠡᠯᠡ ᠣᠷᠣᠭᠤᠯᠤᠯᠲᠠ ᠵᠢᠴᠢ ᠠᠰᠢᠭ ᠣᠯᠵᠠᠪᠤᠷᠢ ᠶᠢᠨ | ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠬᠤᠪᠢ ᠣᠷᠣᠭᠤᠯᠬᠤ᠂ ᠬᠤᠪᠢ ᠣᠷᠣᠭᠤᠯᠤᠭᠰᠠᠨ ᠬᠤᠪᠢ ᠶᠢ ᠪᠦᠬᠦ | ᠰᠢᠶᠠᠨ ᠤ 213 ᠡᠷᠦᠬᠡ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠬᠠᠩᠭᠠᠬᠤ ᠪᠠᠷ ᠦᠨᠳᠦᠰᠦᠨ | ᠪᠠᠷᠢᠮᠵᠢᠶ᠎ᠠ ᠪᠣᠯᠭᠠᠵᠤ᠂ ᠡᠷᠦᠬᠡ ᠨᠢᠭᠡᠪᠦᠷᠢ ᠵᠢᠯ ᠪᠦᠷᠢ ᠳᠤ 3000 ᠲᠥᠭᠦᠷᠢᠭ ᠤᠨ ᠠᠰᠢᠭ ᠣᠷᠣᠯᠭ᠎ᠠ ᠬᠤᠪᠢᠶᠠᠵᠤ᠂ | ᠠᠰᠢᠭ ᠣᠷᠣᠯᠭ᠎ᠠ ᠬᠤᠪᠢᠶᠠᠬᠤ ᠬᠤᠭᠤᠴᠠᠭ᠎ᠠ ᠨᠢ 20 ᠵᠢᠯ ᠪᠣᠯᠤᠨ᠎ᠠ᠃ ᠲᠣᠰ ᠲᠥᠷᠥᠯ ᠵᠦᠢᠯ ᠢ 5 ᠳ᠋ᠤᠭᠠᠷ | ᠰᠠᠷ᠎ᠠ ᠶᠢᠨ ᠰᠡᠭᠦᠯᠴᠢ ᠪᠠᠷ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠨᠢᠭᠡ ᠰᠠᠷ᠎ᠠ ᠶᠢᠨ ᠬᠤᠭᠤᠴᠠᠭᠠᠨ ᠤ | ᠪᠠᠴᠢᠮ ᠠᠵᠢᠯᠯᠠᠭ᠎ᠠ᠂ ᠤᠯᠠᠨ ᠲᠠᠯ᠎ᠠ ᠶᠢᠨ ᠬᠢᠨ ᠤ ᠢᠳᠡᠪᠬᠢᠲᠡᠢ ᠨᠡᠪᠲᠡᠷᠡᠯᠴᠡᠨ ᠵᠣᠬᠢᠴᠠᠭᠤᠯᠬᠤ ᠪᠠᠷ ᠳᠠᠮᠵᠢᠭᠤᠯᠤᠨ᠂ | 6 ᠳ᠋ᠤᠭᠠᠷ ᠰᠠᠷ᠎ᠠ ᠶᠢᠨ 28 ᠤ ᠡᠳᠦᠷ ᠲᠤ ᠵᠢᠩᠬᠢᠨᠢ ᠪᠠᠷ ᠲᠣᠣᠷ ᠨᠡᠶᠢᠯᠡᠭᠦᠯᠦᠨ ᠴᠠᠬᠢᠯᠭᠠᠨ ᠭᠠᠷᠭᠠᠪᠠ᠃ ᠲᠦᠷᠦᠯ | ᠵᠦᠢᠯ ᠤᠨ ᠪᠦᠲᠦᠬᠡᠨ ᠪᠠᠶᠢᠭᠤᠯᠤᠨ ᠠᠰᠢᠭᠯᠠᠯᠲᠠ ᠳᠤ ᠣᠷᠣᠭᠤᠯᠤᠭᠰᠠᠨ ᠨᠢ ᠲᠤᠰ ᠰᠢᠶᠠᠨ ᠤ ᠠᠵᠤ ᠦᠢᠯᠡᠰ ᠤᠨ | ᠪᠦᠲᠦᠴᠡ ᠶᠢ ᠲᠣᠬᠢᠷᠠᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠳᠤ | ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ |