2018 ᠣᠨ ᠤ 8 ᠰᠠᠷ᠎ᠠ ᠶᠢᠨ 8 ᠤ ᠦᠳᠡ ᠶᠢᠨ ᠬᠤᠶᠢᠨ᠎ᠠ᠂ ᠢᠦᠶ ᠴᠢᠤᠸᠠᠨ ᠲᠣᠭᠤᠷᠢᠭ ᠪᠦᠬᠦ | ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠴᠢᠩ ᠡᠷᠬᠢᠯᠡᠵᠦ᠂ ᠠᠶᠤᠯᠭᠦᠶ | ᠦᠶ᠋ᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ | ᠬᠤᠷᠠᠯ ᠳᠤ ᠤᠷᠤᠯᠴᠠᠪᠠ᠃ | ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠯᠢ ᡁᠢ ᠭᠦᠸᠧ ᠬᠠᠮᠤᠭ ᠲᠡᠷᠢᠭᠦᠨ ᠳᠤ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ᠣᠷᠣᠨ ᠨᠤᠲᠤᠭ ᠤᠨ | ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ | ᠲᠣᠭᠲᠠᠭᠠᠯ︾᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠶᠠᠳᠤᠭᠠᠷ ᠤᠯᠠᠷᠢᠯ ᠤᠨ ᠠᠶᠤᠯᠭᠦᠢ | ᠦᠢᠯᠡᠳᠪᠦᠷᠢᠯᠡᠯ ᠤᠨ ᠲᠤᠬᠢᠷᠠᠭᠤᠯᠤᠯᠳᠠ ᠬᠢᠬᠦ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠪᠠ᠃ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ | ᠲᠤᠪᠴᠢᠶ᠎ᠠ ᠶᠢᠨ ᠳᠠᠷᠤᠭ᠎ᠠ ᠼᠤᠤ ᠲᠢ ᠵᠢᠶᠦ᠋ᠨ ᠳᠡᠭᠡᠷ᠎ᠡ ᠬᠠᠭᠠᠰ ᠵᠢᠯ ᠤᠨ ᠪᠦᠬᠦ ᠲᠣᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠶᠡᠷᠦᠩᠬᠡᠢ ᠪᠠᠶᠢᠳᠠᠯ ᠢ ᠮᠡᠳᠡᠭᠦᠯᠵᠦ᠂ ᠪᠠᠰᠠ ᠪᠥᠬᠦ ᠲᠤᠭᠤᠷᠢᠭ ᠤᠨ ᠳᠣᠣᠷ᠎ᠠ ᠬᠠᠭᠠᠰ | ᠵᠢᠯ ᠤᠨ ᠪᠠᠶᠢᠴᠠᠭᠠᠯᠲᠠ᠂ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠪᠠᠭ᠎ᠠ ᠲᠦᠷᠭᠡᠨ ᠭᠤᠣᠯ | ᠪᠠᠯᠭᠠᠰᠤ᠂ ᠵᠣᠣ ᠵᠢᠶᠦ᠋ᠨ ᠵᠠᠮ ᠤᠨ ᠬᠡᠷᠡᠭ ᠡᠷᠬᠢᠯᠡᠬᠦ ᠭᠠᠵᠠᠷ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠠᠯᠠᠭ᠎ᠠ ᠮᠥᠴᠢᠷ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ ᠲᠤᠬᠠᠶ ᠲᠤᠰ ᠲᠤᠰ ᠬᠠᠷᠢᠭᠤ | ᠮᠡᠳᠡᠭᠦᠯᠵᠦ᠂ ᠳᠣᠣᠷ᠎ᠠ ᠬᠠᠭᠠᠰ ᠵᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠴᠢᠭᠯᠡᠯ ᠵᠶ᠋ᠡᠨᠲ᠋ᠤᠲᠤᠷᠬᠠᠢ | ᠪᠣᠯᠭᠠᠪᠠ᠃ | ᠬᠠᠮᠤᠭ ᠡᠴᠦᠰ ᠲᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠸᠠᠩ ᠴᠢᠩ ᠪᠦᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠲᠤᠬᠠᠶ ᠴᠢᠬᠤᠯᠠ ᠶᠠᠷᠢᠶ᠎ᠠ ᠲᠠᠯᠪᠢᠵᠤ᠂ ᠪᠥᠬᠦ ᠲᠣᠭᠤᠷᠢᠭ ᠤᠨ ᠡᠯ᠎ᠡ ᠱᠠᠲᠤ᠂ ᠡᠯ᠎ᠡ ᠰᠠᠯᠠᠭ᠎ᠠ ᠮᠥᠴᠢᠷ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ | ᠠᠶᠤᠯᠭᠦᠢ ᠦᠢᠯᠡᠳᠪᠦᠷᠢᠯᠡᠯ ᠤᠨ ᠲᠤᠬᠠᠢ ᠰᠢᠷᠢᠰ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠵᠤ᠂ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ | ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠵᠠᠪᠠᠯ ᠠᠶᠤᠯᠭᠦᠢ ᠪᠠᠶᠢᠬᠤ ᠶᠢ ᠬᠠᠮᠢᠶᠠᠷᠬᠤ᠂ | ᠦᠢᠯᠡᠳᠪᠦᠷᠢᠯᠡᠯ ᠢ ᠬᠠᠮᠢᠶᠠᠷᠬᠤ ᠳᠤ ᠵᠠᠪᠠᠯ ᠠᠶᠤᠯᠭᠦᠶ ᠪᠠᠶᠢᠬᠤ ᠶᠢ ᠬᠠᠮᠢᠶᠠᠷᠬᠤ︾ ᠵᠠᠷᠴᠢᠮ ᠢ ᠪᠠᠲᠤᠲᠠᠢ ᠲᠦᠯᠬᠢᠨ | ᠠᠬᠢᠭᠤᠯᠵᠤ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ | ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠂ ᠲᠤᠭᠤᠷᠢᠭ ᠤᠨ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠶ | ᠦᠢᠯᠡᠳᠪᠦᠷᠢᠯᠡᠯ ᠢ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠪᠣᠯᠭᠠᠬᠤ ᠶᠢ ᠪᠠᠷᠢᠮᠲᠠᠯᠠᠵᠤ᠂ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ᠂ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠠᠯᠳᠠ | ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠣᠨᠴᠠ ᠶᠡᠭᠡ ᠠᠳᠡᠯ | ᠭᠠᠷᠬᠤ ᠶᠢ ᠡᠷᠡᠰ ᠬᠤᠷᠢᠭᠯᠠᠵᠤ᠂ ᠥᠭᠡᠷᠡᠴᠢᠯᠡᠯᠲᠡ ᠨᠡᠭᠡᠭᠡᠯᠳᠠ ᠶᠢᠨ40 ᠵᠢᠯ ᠤᠨ ᠤᠢ ᠶᠢ ᠤᠭᠲᠤᠬᠤ ᠳᠤ ᠠᠮᠤᠷ | ᠲᠦᠪᠰᠢᠨ ᠲᠣᠭᠲᠠᠭᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | | | | | | | | | | | |