8 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠬᠤᠷᠢᠨᠭᠡᠷ ᠰᠢᠶᠠᠨ ᠤ ᠰᠢᠶᠠᠨ ᠤ ᠨᠠᠮ | ᠵᠠᠰᠠᠭ ᠤᠨ ᠠᠯᠪᠠᠨ ᠠᠰᠠᠷ ᠤᠨ 201 ᠬᠤᠷᠠᠯ ᠤᠨ ᠭᠡᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ ᠡᠷᠬᠢᠯᠡᠭᠰᠡᠨ ᠪᠥᠬᠦ ᠣᠷᠣᠨ ᠤ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶ ᠲᠧᠯᠸᠢᠰ ᠳ᠋ᠢᠶᠠᠩᠬᠤᠸᠠ ᠬᠤᠷᠠᠯ ᠢ ᠬᠦᠯᠢᠶᠠᠨ | ᠠᠪᠴᠤ ᠰᠣᠨᠣᠰᠪᠠ᠃ ᠬᠤᠷᠠᠯ ᠤᠨ ᠭᠤᠣᠯ ᠡᠭᠦᠷᠭᠡ ᠪᠣᠯ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠥᠷᠪᠡᠳᠦᠭᠡᠷ | ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠧᠯᠸᠢᠰ ᠳ᠋ᠢᠶᠠᠩᠬᠤᠸᠠ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠠᠷᠠᠭᠠᠴᠢ ᠶᠢᠨ ᠠᠯᠬᠤᠮ ᠤᠨ | ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠬᠠᠢ ᠳᠤᠬᠢᠷᠠᠭᠤᠯᠤᠯᠲᠠ ᠪᠠᠶᠢᠷᠢᠯᠠᠭᠤᠯᠤᠯᠲᠠ ᠬᠢᠬᠦ | ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠮᠠ ᠰᠢᠤᠸᠠᠢ ᠵᠢᠶᠦ᠋ᠨ ᠵᠢᠭᠠᠵᠤ ᠭᠠᠷᠭᠠᠭᠰᠠᠨ ᠨᠢ᠂ ᠳᠥᠷᠪᠡᠳᠦᠭᠡᠷ ᠣᠳᠠᠭᠠᠨ ᠤ ᠪᠦᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ | ᠭᠠᠷᠭᠠᠭᠰᠠᠨ ᠨᠢᠭᠡᠨ ᠴᠢᠬᠤᠯᠠ ᠪᠠᠶᠢᠷᠢᠯᠠᠭᠤᠯᠤᠯᠲᠠ ᠮᠥᠨ᠃ ᠳᠥᠷᠪᠡᠳᠦᠭᠡᠷ ᠤᠳᠠᠭᠠᠨ ᠤ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠨᠢ ᠪᠢᠳᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠡᠩ ᠰᠠᠶᠢᠲᠤᠷ ᠰᠤᠷᠤᠯᠴᠠᠨ ᠲᠤᠤᠱᠯᠠᠭᠤᠯᠵᠤ | ᠂ ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠬᠥᠭᠵᠢᠯᠲᠡ ᠶᠢᠨ ᠥᠪᠡᠷᠮᠢᠴᠡ ᠣᠨᠴᠠᠯᠢᠭ ᠢ ᠣᠨᠣᠪᠴᠢᠲᠠᠶ ᠡᠵᠡᠮᠳᠡᠬᠦ | ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ | ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠦᠨᠳᠦᠷ ᠴᠢᠨᠠᠷ ᠴᠢᠨᠰᠠᠭ᠎ᠠ᠂ ᠥᠨᠳᠥᠷ ᠪᠠᠷᠢᠮᠵᠢᠶ᠎ᠠ ᠪᠠᠷ ᠲᠤᠰ ᠤᠳᠠᠭᠠᠨ ᠤ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ ᠭᠡᠵᠡᠢ᠃ | ᠮᠠ ᠰᠢᠤᠸᠠᠢ ᠵᠢᠶᠦ᠋ᠨ ᠴᠢᠬᠤᠯᠠᠴᠢᠯᠠᠭᠰᠠᠨ ᠨᠢ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ︽ | ᠳᠥᠷᠪᠡᠳᠦᠭᠡᠷ ᠣᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ︾ ᠤᠨ | ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠨᠢᠭᠡᠴᠡ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ | ᠬᠠᠤᠯᠢ ᠶᠣᠰᠣᠭᠠᠷ ᠨᠡᠶᠢᠳᠡᠮ ᠪᠠᠶᠢᠴᠠᠭᠠᠯᠲᠠ ᠶᠢ ᠵᠢᠷᠤᠮᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠵᠣᠬᠢᠶᠠᠨ ᠪᠠᠶᠢᠭᠤᠯᠵᠤ ᠤᠳᠤᠷᠢᠳᠬᠤ᠂ ᠠᠵᠢᠯ ᠬᠤᠪᠢᠶᠠᠷᠢᠯᠠᠨ ᠬᠠᠮᠵᠢᠯᠴᠠᠬᠤ᠂ ᠠᠵᠢᠯ ᠤᠨ | ᠪᠠᠲᠣᠯᠠᠭ᠎ᠠ᠂ ᠤᠬᠠᠭᠤᠯᠤᠨ ᠳᠠᠶᠢᠴᠢᠯᠠᠬᠤ ︽ᠳᠥᠷᠪᠡ ᠶᠢ ᠪᠣᠲᠠᠲᠠᠶᠢᠵᠢᠭᠤᠯᠬᠤ︾ ᠶᠢ ᠰᠠᠶᠢᠲᠣᠷ ᠬᠢᠵᠦ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠨᠠᠷᠢᠨ ᠨᠢᠮᠪᠠᠶ ᠵᠣᠬᠢᠶᠠᠨ ᠪᠠᠶᠢᠭᠤᠯᠵᠣ᠂ | ᠨᠠᠷᠢᠯᠢᠭ ᠬᠠᠮᠢᠶᠠᠷᠣᠨ᠂ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠤᠷᠤᠭᠰᠢᠲᠠᠶ ᠲᠦᠯᠬᠢᠨ ᠠᠬᠢᠭᠤᠯᠣᠭᠳᠠᠬᠤ ᠶᠢ ᠪᠠᠲᠣᠯᠠᠬᠤ ᠬᠡᠷᠡᠭᠲᠡᠢ ᠭᠡᠵᠡᠢ᠃ | ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠵᠠᠩ ᠯᠢᠨ | ᠯᠢᠨ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠶᠡᠷᠦᠩᠬᠡᠶᠢᠯᠡᠨ ᠵᠠᠰᠠᠬᠤ ᠠᠯᠪᠠᠨ ᠬᠡᠷ᠂ ᠣᠷᠣᠨ | ᠲᠤᠭ᠎ᠠ ᠶᠢᠨ ᠠᠯᠪᠠᠨ ᠬᠡᠷ᠂ ᠲᠤᠭ᠎ᠠ ᠪᠦᠷᠢᠳᠬᠡᠯ᠂ ᠬᠥᠭᠵᠢᠭᠦᠯᠦᠯᠲᠡ ᠥᠭᠡᠷᠡᠴᠢᠯᠡᠯᠲᠡ᠂ ᠰᠣᠷᠭᠠᠨ ᠬᠦᠮᠦᠵᠢᠯ᠂ | ᠰᠢᠨᠵᠢᠯᠡᠬᠦ ᠤᠬᠠᠭᠠᠨ ᠮᠡᠷᠭᠡᠵᠢᠯ᠂ ᠠᠵᠤ ᠠᠬᠤᠢ ᠮᠡᠳᠡᠭᠡ ᠵᠠᠩᠭᠢᠴᠢᠯᠠᠯᠲᠠ᠂ ᠠᠷᠠᠳ ᠤᠨ ᠶᠠᠪᠤᠳᠠᠯ ᠦᠨᠳᠦᠰᠦᠲᠡᠨ᠂ | ᠬᠠᠤᠯᠢ ᠴᠠᠭᠠᠵᠠ᠂ ᠡᠳ᠋ ᠤᠨ ᠵᠠᠰᠠᠭ᠂ ᠬᠦᠮᠦᠨ ᠤ ᠬᠦᠴᠦᠨ ᠨᠡᠶᠢᠭᠡᠮ ᠤᠨ ᠪᠠᠲᠣᠯᠠᠭ᠎ᠠ᠂ ᠣᠷᠣᠨ ᠰᠠᠭᠤᠴᠠ | ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠣᠯᠤᠨ ᠡᠯ᠎ᠡ ᠰᠢᠶᠠᠩ | ᠪᠠᠯᠭᠠᠰᠤ᠂ ᠠᠵᠤ ᠠᠬᠤᠶ ᠶᠢ ᠨᠡᠭᠡᠭᠡᠨ ᠬᠦᠭᠵᠢᠭᠦᠯᠬᠦ ᠲᠣᠭᠤᠷᠢᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | |