| | 8 ᠳ᠋ᠤᠭᠠᠷ ᠰᠠᠷ᠎ᠠ ᠶᠢᠨ 11 ᠤ ᠡᠳᠦᠷ᠂ 2018 ᠣᠨ ᠤ ᠥᠪᠥᠷ ᠮᠣᠩᠭᠤᠯ ᠤᠨ ᠯᠣᠣ ᠨᠢᠦ ᠸᠠᠨ ᠳᠠᠬᠢ | 100 ᠺᠢᠯᠣᠮᠧᠲᠷ ᠤᠨ ᠳᠡᠰ ᠠᠴᠠ ᠳᠠᠪᠠᠭᠰᠠᠨ ᠮᠠᠷᠠᠽᠤᠨ ᠤ ᠤᠷᠤᠯᠳᠤᠭᠠᠨ ᠴᠢᠩ ᠱᠦᠢ ᠾᠧ ᠰᠢᠶᠠᠨ ᠤ ᠯᠣᠣ ᠨᠢᠦ | ᠸᠠᠨ ᠦᠵᠡᠮᠵᠢ ᠶᠢᠨ ᠲᠣᠭᠤᠷᠢᠭ ᠲᠤ ᠶᠠᠪᠤᠭᠳᠠᠪᠠ᠃ | 100 ᠺᠢᠯᠣᠮᠧᠲᠷ ᠤᠨ ᠳᠡᠰ ᠠᠴᠠ ᠳᠠᠪᠠᠭᠰᠠᠨ ᠮᠠᠷᠠᠽᠤᠨ ᠤ ᠤᠷᠤᠯᠳᠤᠭᠠᠨ ᠪᠣᠯ ᠥᠪᠥᠷ ᠮᠣᠩᠭᠤᠯ ᠤᠨ | ᠰᠢᠨ᠎ᠡ ᠢᠶᠠᠷ ᠡᠭᠦᠳᠦᠭᠰᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠯᠢ ᠣᠯᠠᠨ ᠠᠵᠢᠯᠯᠠᠭ᠎ᠠ ᠶᠢᠨ ᠨᠢᠭᠡ ᠮᠥᠨ᠂ | ᠮᠥᠨ ᠴᠤ ᠴᠢᠩ ᠱᠦᠢ ᠾᠧ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠷᠲᠤ ᠴᠠᠭᠠᠨ ᠬᠡᠷᠡᠮ ᠤᠨ | ᠵᠢᠭᠤᠯᠴᠢᠯᠠᠯ ᠤᠨ ᠰᠣᠶᠣᠯ ᠤᠨ ᠨᠠᠶᠢᠷ ᠤᠨ ᠠᠯᠢ ᠣᠯᠠᠨ ᠠᠵᠢᠯᠯᠠᠭ᠎ᠠ ᠶᠢᠨ ᠨᠢᠭᠡ ᠨᠢ ᠪᠣᠯᠤᠨ᠎ᠠ᠃ ᠲᠤᠰ ᠤᠳᠠᠭᠠᠨ ᠤ | ᠤᠷᠤᠯᠳᠤᠭᠠᠨ ᠬᠤᠶᠠᠷ ᠡᠳᠦᠷ ᠶᠠᠪᠤᠭᠳᠠᠵᠤ᠂ ᠤᠷᠤᠯᠳᠤᠭᠠᠨ ᠨᠢ ᠨᠡᠶᠢᠲᠡ 100 ᠺᠢᠯᠣᠮᠧᠲᠷ᠂ 60 ᠺᠢᠯᠣᠮᠧᠲᠷ | ᠬᠤᠶᠠᠷ ᠳᠤᠭᠤᠶᠢᠯᠠᠩ ᠬᠤᠪᠢᠶᠠᠵᠤ᠂ ᠪᠦᠬᠦ ᠤᠯᠤᠰ ᠤᠨ 22 ᠮᠤᠵᠢ ᠣᠷᠣᠨ ᠬᠤᠲᠠ ᠶᠢᠨ 500 ᠭᠠᠷᠤᠶ | ᠲᠠᠮᠢᠷᠴᠢᠨ ᠤ ᠠᠩᠬᠠᠷᠤᠯ ᠢ ᠲᠠᠲᠠᠵᠤ᠂ ᠪᠡᠶ᠎ᠡ ᠳᠡᠭᠡᠨ ᠥᠷᠢᠰᠥᠯᠳᠦᠭᠡ ᠵᠠᠷᠯᠠᠪᠠ᠃ ᠵᠢᠷᠤᠭ ᠪᠣᠯ ᠤᠷᠤᠯᠳᠤᠭᠠᠨ ᠳᠤ | ᠣᠷᠣᠯᠴᠠᠭᠰᠠᠨ ᠲᠠᠮᠢᠷᠴᠢᠨ ᠴᠢᠩ ᠱᠦᠢ ᠾᠧ ᠰᠢᠶᠠᠨ ᠤ ᠯᠣᠣ ᠨᠢᠦ ᠸᠠᠨ ᠦᠵᠡᠮᠵᠢ ᠶᠢᠨ ᠲᠣᠭᠤᠷᠢᠭ ᠤᠨ | ᠡᠬᠢᠯᠡᠯᠲᠡ ᠠᠴᠠ ᠮᠣᠷᠳᠠᠵᠤ ᠪᠠᠶᠢᠭ᠎ᠠ ᠨᠢ᠃ | | |