ᠦᠢᠷ᠎ᠠ ᠶᠢᠨ ᠡᠳᠦᠷ᠂ ᠢᠦᠶ ᠴᠢᠤᠸᠠᠨ ᠲᠣᠭᠤᠷᠢᠭ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ | ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠤᠭᠤᠷᠢᠭ ᠤᠨ | ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠬᠤᠷᠠᠯ ᠳᠤ ᠪᠦᠬᠦ ᠬᠤᠲᠠ ᠶᠢᠨ ᠦᠨᠳᠦᠰᠦᠨ ᠱᠠᠲᠤᠨ ᠤ ︽ ᠢᠨᠲ᠋ᠧᠷ ᠰᠦᠯᠵᠢᠶ᠎ᠡ +︾᠂ ︽ᠭᠤᠷᠪᠠᠨ | ᠶᠠᠪᠤᠳᠠᠯ︾ ᠢ ᠢᠯᠡ ᠪᠣᠯᠭᠠᠬᠤ ᠠᠵᠢᠯ ᠤᠨ ᠠᠬᠤᠶ ᠲᠠᠯᠠᠪᠠᠶ ᠶᠢᠨ ᠲᠦᠯᠬᠢᠨ ᠠᠬᠢᠭᠤᠯᠬᠤ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠨᠢᠭᠡ ᠳᠤ᠂ ᠮᠡᠳᠡᠭᠡ ᠵᠠᠩᠬᠢᠴᠢᠯᠠᠯᠲᠠ ᠶᠢᠨ ᠲᠠᠪᠴᠠᠩ ᠢ ᠪᠥᠲᠥᠭᠡᠨ | ᠪᠠᠶᠢᠭᠤᠯᠬᠤ ᠠᠬᠢᠴᠠ ᠶᠢ ᠲᠦᠷᠭᠡᠳᠬᠡᠵᠦ᠂ ︽ᠬᠠᠮᠢᠭ᠎ᠠ ᠢᠯᠡ ᠪᠣᠯᠭᠠᠬᠤ︾ ᠠᠰᠠᠭᠤᠳᠠᠯ ᠢ ᠰᠢᠢᠳᠪᠦᠷᠢᠯᠡᠨ᠎ᠡ᠃ | ᠬᠤᠶᠠᠷ ᠲᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠭᠠᠷᠴᠠᠭ ᠢ ᠦᠳᠲᠡᠷ ᠲᠦᠷᠭᠡᠨ ᠵᠣᠬᠢᠶᠠᠨ ᠪᠠᠶᠢᠭᠤᠯᠤᠨ | ᠲᠣᠭᠲᠠᠭᠠᠵᠤ᠂ ︽ᠶᠠᠭᠤ ᠶᠢ ᠢᠯᠡ ᠪᠣᠯᠭᠠᠬᠤ︾ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ᠂ ︽ᠭᠤᠷᠪᠠᠨ | ᠶᠠᠪᠤᠳᠠᠯ︾ ᠢ ᠢᠯᠡ ᠪᠣᠯᠭᠠᠬᠤ ᠲᠠᠷᠠᠭᠠᠯᠠᠯ ᠢ ᠴᠠᠭ ᠲᠤᠬᠠᠢ ᠳᠤᠨᠢ ᠵᠢᠷᠤᠮᠵᠢᠭᠤᠯᠵᠤ᠂ ︽ᠬᠡᠷᠬᠢᠨ ᠢᠯᠡ ᠪᠣᠯᠭᠠᠬᠤ︾ | ᠠᠰᠠᠭᠤᠳᠠᠯ ᠢ ᠰᠢᠢᠳᠪᠦᠷᠢᠯᠡᠨ᠎ᠡ᠃ ᠳᠥᠷᠪᠡ ᠳᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ︽ᠪᠠᠷᠢᠯᠭ᠎ᠠ ᠶᠢᠨ | ᠠᠩᠭᠢ︾ ᠶᠢ ᠱᠠᠯᠠᠪᠳᠠᠨ ᠵᠣᠬᠢᠶᠠᠨ ᠪᠠᠶᠢᠭᠤᠯᠵᠤ᠂ ︽ᠬᠡᠨ ᠢᠯᠡ ᠪᠣᠯᠭᠠᠬᠤ︾ ᠠᠰᠠᠭᠤᠳᠠᠯ ᠢ ᠰᠢᠢᠳᠪᠦᠷᠢᠯᠡᠨ᠎ᠡ᠃ | ᠲᠠᠪᠤ ᠳᠤ᠂ ᠲᠠᠪᠴᠠᠩ ᠤᠨ ᠮᠡᠳᠡᠭᠡ ᠵᠠᠩᠭᠢ ᠶᠢ ᠰᠢᠩᠭᠡᠭᠡᠨ ᠣᠷᠣᠭᠤᠯᠬᠤ ᠠᠵᠢᠯ ᠢ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ︽ᠮᠡᠳᠡᠭᠡ ᠵᠠᠩᠭᠢ ᠶᠢᠨ ᠰᠦᠯᠵᠢᠶᠡᠨ ᠳᠤ ᠭᠠᠷᠬᠤ︾ ᠠᠰᠠᠭᠤᠳᠠᠯ ᠢ ᠰᠢᠢᠳᠪᠦᠷᠢᠯᠡᠨ᠎ᠡ᠃ | ᠵᠢᠷᠭᠤᠭ᠎ᠠ ᠳᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠮᠡᠳᠡᠭᠡ ᠵᠠᠩᠭᠢ ᠶᠢ ᠬᠢᠨᠠᠨ ᠰᠢᠯᠭᠠᠵᠤ ᠠᠪᠬᠤ ᠠᠵᠢᠯ ᠢ | ᠨᠠᠷᠢᠨ ᠬᠢᠨᠠᠮᠠᠭᠠᠢ ᠥᠷᠨᠢᠭᠦᠯᠵᠦ᠂ ︽ᠮᠡᠳᠡᠭᠡ ᠵᠠᠩᠭᠢ ᠶᠢᠨ ᠶᠠᠰᠤ ᠴᠢᠨᠠᠷ︾ ᠤᠨ ᠠᠰᠠᠭᠤᠳᠠᠯ ᠢ ᠰᠢᠢᠳᠪᠦᠷᠢᠯᠡᠨ᠎ᠡ᠃ | ᠬᠤᠷᠠᠯ ᠠᠴᠠ ᠱᠠᠭᠠᠷᠳᠠᠭᠰᠠᠨ ᠨᠢ᠂ ᠬᠤᠲᠠ ᠶᠢᠨ ︽ᠢᠨᠲ᠋ᠧᠷ ᠰᠦᠯᠵᠢᠶ᠎ᠡ +︾᠂ ︽ᠭᠤᠷᠪᠠᠨ ᠶᠠᠪᠤᠳᠠᠯ︾ | ᠢ ᠢᠯᠡ ᠪᠣᠯᠭᠠᠬᠤ ᠠᠵᠢᠯ ᠤᠨ ᠠᠬᠤᠶ ᠲᠠᠯᠠᠪᠠᠶ ᠶᠢᠨ ᠲᠦᠯᠬᠢᠨ ᠠᠬᠢᠭᠤᠯᠬᠤ ᠬᠤᠷᠠᠯ ᠤᠨ ᠱᠠᠭᠠᠷᠳᠠᠯᠭ᠎ᠠ ᠶᠤᠰᠤᠭᠠᠷ | ᠲᠦᠷᠭᠡᠨ ᠢᠶᠠᠷ ᠴᠠᠭ ᠲᠤᠬᠠᠶ ᠳᠤᠨᠢ ᠮᠠᠨ ᠤ ᠲᠤᠭᠤᠷᠢᠭ ᠲᠤ ᠥᠷᠨᠢᠭᠦᠯᠵᠦ᠂ ᠠᠭᠤᠯᠭ᠎ᠠ᠂ ᠬᠡᠯᠪᠡᠷᠢ᠂ ᠴᠤᠪᠤᠷᠠᠯ ᠢᠶᠠᠷ | ᠬᠤᠲᠠ ᠶᠢᠨ ︽ᠭᠤᠷᠪᠠᠨ ᠶᠠᠪᠤᠳᠠᠯ︾ ᠢ ᠢᠯᠡ ᠪᠣᠯᠭᠠᠬᠤ ᠰᠢᠰᠲ᠋ᠧᠮ ᠢ ᠪᠠᠶᠢᠭᠤᠯᠤᠨ᠎ᠠ᠃ | ᠬᠤᠷᠠᠯ ᠳᠤ ᠬᠤᠯᠪᠣᠭᠳᠠᠯ ᠪᠦᠬᠦᠢ ᠤᠳᠤᠷᠢᠳᠤᠯᠭ᠎ᠠ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ᠂ ᠡᠭᠦᠷᠭᠡ | ᠬᠠᠷᠢᠭᠤᠴᠠᠯᠭ᠎ᠠ ᠶᠢ ᠲᠤᠳᠤᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠠᠵᠢᠯ ᠤᠨ ᠲᠣᠭᠲᠠᠴᠠ ᠶᠢ | ᠠᠩᠬ᠎ᠠ ᠠᠯᠬᠤᠮ ᠲᠣᠭᠲᠠᠭᠠᠨ᠂ ᠤᠢᠢᠷ᠎ᠠ ᠶᠢᠨ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠲᠤᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ᠂ ᠲᠤᠭᠤᠷᠢᠭ ᠤᠨ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠲᠤᠰ ᠤᠳᠠᠭᠠᠨ ᠤ ᠬᠤᠷᠠᠯ ᠳᠤ ᠣᠷᠣᠯᠴᠠᠪᠠ᠃ |