ᠬᠦᠬᠡᠬᠤᠲᠠ ᠶᠢᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2018-08-15
         ᠵᠠᠰᠠᠭ ᠤᠨ ᠣᠷᠳᠣᠨ ᠤ ᠵᠠᠷᠯᠢᠭ  ﹇2018﹈ 10 ᠳ᠋ᠤᠭᠠᠷ ᠲᠣᠭᠠᠲᠤ             2018 ᠤᠨ ᠤ 2 ᠰᠠᠷ᠎ᠠ ᠶᠢᠨ 25 ᠤ ᠡᠳᠤᠷ      ︽ᠬᠦᠬᠡᠬᠤᠲᠠ ᠶᠢᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾  ᠶᠢ 2018 ᠤᠨ ᠤ 2 ᠳ᠋ᠤᠭᠠᠷ ᠰᠠᠷ᠎ᠠ ᠶᠢᠨ 8 ᠤ ᠡᠳᠤᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ᠬᠢᠨᠠᠨ ᠪᠠᠳᠤᠯᠠᠭᠠᠳ᠂ ᠡᠳᠤᠭᠡ ᠨᠡᠶᠢᠲᠡᠯᠡᠪᠡ ᠂ 2018 ᠤᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                    ᠬᠤᠲᠠ ᠶᠢᠨ ᠳᠠᠷᠤᠭ᠎ᠠ         ᠹᠧᠩ ᠢᠦᠶ ᠵᠧᠨ        ᠬᠦᠬᠡᠬᠤᠲᠠ ᠶᠢᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ  ᠶᠡᠷᠦᠩᠬᠡᠶ ᠳᠦᠷᠢᠮ      ᠨᠢᠭᠡᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠶᠤᠯᠭᠦᠶ ᠶᠢ ᠳᠦᠷᠢᠮᠵᠢᠭᠦᠯᠵᠦ᠂ ᠠᠶᠠᠨᠴᠢᠳ ᠤᠨ ᠲᠡᠭᠡᠭᠡᠪᠦᠷᠢ ᠶᠢᠨ ᠠᠳᠡᠭᠳᠡᠯ ᠢ ᠪᠦᠲᠦᠮᠵᠢᠲᠠᠢ ᠪᠠᠷ ᠤᠷᠢᠳᠴᠢᠯᠠᠨ ᠰᠡᠷᠭᠡᠶᠢᠯᠡᠬᠦ ᠪᠠ ᠬᠤᠷᠢᠭᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠥᠷᠢᠮ︾ ᠵᠡᠷᠭᠡ ᠬᠠᠤᠯᠢ ᠴᠠᠭᠠᠵᠠ᠂  ᠬᠠᠤᠯᠢ ᠳᠦᠷᠢᠮ ᠢ ᠦᠨᠳᠦᠰᠦᠯᠡᠵᠦ᠂  ᠬᠤᠲᠠ ᠶᠢᠨ ᠢᠶᠠᠨ ᠪᠣᠳᠠᠲᠠᠶ ᠪᠠᠶᠢᠳᠠᠯ ᠲᠠᠢ ᠤᠶᠠᠯᠳᠤᠭᠤᠯᠵᠦ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠬᠤᠲᠠ ᠶᠢᠨ ᠵᠠᠰᠠᠭ ᠵᠠᠬᠢᠷᠭᠠᠨ ᠤ  ᠬᠠᠮᠢᠶᠠᠷᠤᠯᠲᠠ ᠶᠢᠨ ᠬᠡᠪᠴᠢᠶᠡᠨ ᠳᠠᠬᠢ ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠶᠢᠨ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠳᠤ ᠲᠤᠰ ᠠᠷᠭ᠎ᠠ ᠶᠢ ᠬᠡᠷᠡᠭᠯᠡᠨ᠎ᠡ᠃      ᠲᠤᠰ ᠠᠷᠭ᠎ᠠ ᠳᠤ ᠬᠡᠯᠡᠵᠦ ᠪᠠᠶᠢᠭ᠎ᠠ ᠵᠠᠮ ᠤᠨ ᠠᠶᠠᠨᠴᠢᠳ ᠤᠨ ᠲᠡᠭᠡᠭᠡᠪᠦᠷᠢ ᠳᠤ ᠡᠭᠡᠯᠵᠢ ᠶᠢᠨ ᠲᠡᠷᠭᠡ ᠶᠢᠨ ᠠᠶᠠᠨᠴᠢᠳ ᠤᠨ ᠲᠡᠭᠡᠭᠡᠪᠦᠷᠢ᠂ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ᠂ ᠳᠠᠭᠠᠭᠠᠴᠢᠯᠠᠭᠰᠠᠨ ᠠᠶᠠᠨᠴᠢᠳ ᠤᠨ ᠲᠡᠷᠭᠡ ᠶᠢᠨ ᠲᠡᠭᠡᠭᠡᠪᠦᠷᠢ  ᠪᠠᠭᠲᠠᠨ᠎ᠠ᠃      ᠭᠤᠷᠪᠠᠳᠤᠭᠠᠷ ᠵᠦᠢᠯ  ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠥᠬᠦ ᠬᠤᠲᠠ ᠶᠢᠨ ᠠᠶᠠᠨᠴᠢᠳ ᠤᠨ ᠲᠡᠭᠡᠭᠡᠪᠦᠷᠢ ᠪᠠ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠤᠳᠤᠷᠢᠳᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢᠨ ᠵᠠᠷᠴᠢᠮ ᠢᠶᠠᠷ ᠦᠪᠡᠷ ᠤᠨ ᠬᠠᠷᠢᠶᠠᠨ ᠳᠠᠬᠢ ᠵᠠᠮ  ᠤᠨ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠪᠠ ᠠᠶᠠᠨᠴᠢᠳ ᠤᠨ ᠥᠷᠲᠡᠭᠡ ᠶᠢᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠳᠤ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃      ᠳᠥᠷᠪᠡᠳᠦᠭᠡᠷ ᠵᠦᠢᠯ  ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠶᠣᠰᠣᠭᠠᠷ᠂ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠦᠬᠦ ᠬᠤᠲᠠ ᠶᠢᠨ ᠵᠠᠮ ᠤᠨ ᠠᠶᠠᠨᠴᠢᠳ ᠤᠨ ᠲᠡᠭᠡᠭᠡᠪᠦᠷᠢ ᠪᠠ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠶᠡᠷᠦᠩᠬᠡᠶᠢᠯᠡᠨ ᠬᠢᠨᠠᠨ ᠬᠠᠮᠢᠶᠠᠷᠴᠦ᠂ ᠳᠣᠲᠣᠭᠠᠳᠤ ᠶᠢ ᠬᠠᠮᠠᠭᠠᠯᠠᠬᠤ᠂ ᠵᠡᠮ ᠲᠡᠭᠡᠭᠡᠪᠦᠷᠢ᠂ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠳ ᠦᠪᠡᠷ ᠤᠨ ᠡᠷᠬᠡ ᠲᠤᠰᠢᠶᠠᠯ ᠤᠨ ᠬᠡᠪᠴᠢᠶᠡᠨ ᠳᠡᠭᠡᠨ ᠵᠠᠮ ᠤᠨ ᠠᠶᠠᠨᠴᠢᠳ ᠤᠨ ᠲᠡᠭᠡᠭᠡᠪᠦᠷᠢ ᠪᠠ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠮᠵᠢᠨ ᠬᠢᠨ᠎ᠡ᠃      ᠬᠤᠶᠠᠳᠤᠭᠠᠷ ᠪᠦᠯᠦᠭ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠵᠢᠴᠢ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠶᠢᠨ ᠠᠶᠤᠯᠭᠦᠢ ᠶᠢᠨ ᠭᠤᠤᠯ ᠴᠤᠭᠴᠠ ᠶᠢᠨ ᠡᠭᠦᠷᠭᠡ ᠬᠠᠷᠢᠭᠤᠴᠠᠯᠭ᠎ᠠ      ᠲᠠᠪᠤᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠪᠤᠯᠤᠨ ᠠᠶᠠᠨᠴᠢᠳ ᠤᠨ ᠮᠠᠰᠢᠨ ᠲᠡᠷᠭᠡᠨ ᠤ  ᠦᠷᠲᠡᠭᠡ ᠶᠢᠨ ᠪᠦᠬᠦ  ᠬᠦᠮᠦᠰ ‍ᠦᠨ‌ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ  ᠬᠡᠷᠡᠭᠵᠢᠭᠦᠯᠵᠦ᠂ ᠬᠠᠤᠯᠢ ᠶᠢᠨ ᠡᠷᠬᠡᠲᠡᠨ ᠪᠠ ᠪᠣᠳᠠᠲᠠᠶ ᠡᠵᠡᠮᠳᠡᠭᠴᠢ ᠪᠤᠯ ᠠᠶᠤᠯᠭᠦᠢ ᠦᠢᠯᠡᠳᠪᠦᠷᠢᠯᠡᠯ  ᠤᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ  ᠪᠠᠶᠢᠵᠦ ᠲᠤᠰ  ᠨᠢᠭᠡᠴᠡ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃      ᠵᠢᠷᠭᠤᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ ︽ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠦᠷᠢᠮᠵᠢᠯ ︵ᠲᠤᠷᠰᠢᠨ ᠬᠡᠷᠡᠭᠵᠢᠭᠦᠯᠬᠦ︶︾ ᠪᠠ ︽ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠶᠢᠨ ᠠᠶᠤᠯᠭᠦᠶ ᠦᠢᠯᠡᠳᠪᠦᠷᠢᠯᠡᠯ ᠤᠨ ᠳᠦᠷᠢᠮᠵᠢᠯ︾ ᠤᠨ ᠱᠠᠭᠠᠷᠳᠠᠯᠭ᠎ᠠ ᠶᠢ ᠦᠨᠳᠦᠰᠦᠯᠡᠵᠦ᠂ ᠬᠠᠤᠯᠢ ᠶᠣᠰᠣᠭᠠᠷ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠪᠤᠶᠤ ᠲᠤᠰ ᠨᠢᠭᠡᠴᠡ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠲᠠᠢ ᠵᠣᠬᠢᠴᠠᠭᠰᠠᠨ ᠠᠶᠤᠯᠭᠦᠶ ᠶᠢᠨ ᠬᠠᠮᠢᠶᠠᠷᠤᠯᠲᠠ ᠶᠢᠨ ᠲᠤᠰᠬᠠᠶ ᠠᠵᠢᠯᠲᠠᠨ ᠢ  ᠭᠦᠢᠴᠡᠳ ᠲᠤᠬᠢᠷᠠᠭᠤᠯᠬᠤ ᠬᠡᠷᠡᠭᠲᠡᠢ  ᠃ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ  ᠪᠤᠯᠤᠨ ᠠᠶᠤᠯᠭᠦᠶ ᠶᠢᠨ ᠬᠠᠮᠢᠶᠠᠷᠤᠯᠲᠠ ᠶᠢᠨ ᠲᠤᠰᠬᠠᠶ  ᠠᠵᠢᠯᠲᠠᠳ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠄      ︵ᠨᠢᠭᠡ︶  ᠠᠵᠤ ᠠᠬᠤᠶᠢᠯᠠᠯ ᠤᠨ ᠭᠤᠣᠯ ᠪᠤᠯᠬᠤ ᠮᠡᠷᠭᠡᠵᠢᠯ ‍ᠤᠨ‌ᠬᠠᠷᠢᠭᠤᠴᠠᠯᠭᠠᠲᠠᠨ ᠠᠶᠤᠯᠭᠦᠶ ᠦᠢᠯᠡᠳᠪᠦᠷᠢᠯᠡᠯ  ᠤᠨ ᠮᠡᠷᠭᠡᠵᠢᠯ ᠤᠨ  ᠰᠢᠢᠳᠪᠦᠷᠢᠲᠦ ᠪᠤᠳᠤᠯᠭ᠎ᠠ ᠶᠢ ᠲᠣᠭᠲᠠᠭᠠᠬᠤ ᠪᠠ ᠤᠳᠤᠷᠢᠳᠬᠤ  ᠡᠷᠬᠡ ᠲᠠᠢ ᠪᠠᠶᠢᠵᠦ᠂ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠨ᠂ ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃      ︵ᠬᠤᠶᠠᠷ︶  ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠵᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠤᠷᠤᠯᠴᠠᠨ᠎ᠡ᠃      ︵ᠭᠤᠷᠪᠠ︶  ᠲᠤᠰ ᠨᠢᠭᠡᠴᠡ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠲᠦᠷᠢᠮ ᠲᠤᠭᠲᠠᠭᠠᠯ ᠢ ᠲᠣᠭᠲᠠᠭᠠᠵᠤ᠂ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠪᠣᠯᠤᠨ ᠲᠡᠷᠭᠡ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ᠂ ᠠᠵᠢᠯᠯᠠᠬᠤ ᠲᠦᠷᠢᠮ ᠪᠠ ᠬᠠᠮᠢᠶ᠎ᠠ ᠪᠦᠬᠦᠢ ᠮᠡᠷᠭᠡᠵᠢᠯ ᠤᠨ ᠳᠦᠷᠢᠮᠵᠢᠯᠡᠯ ᠢ ᠲᠤᠭᠲᠠᠭᠠᠵᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠤᠨ ᠪᠠᠶᠢᠷᠢ ᠶᠢᠨ ᠠᠶᠤᠯᠭᠦᠶ ᠦᠢᠯᠡᠳᠪᠦᠷᠢᠯᠡᠯ ᠤᠨ ᠲᠤᠰᠢᠶᠠᠯ ᠬᠠᠷᠢᠭᠤᠴᠠᠯᠭ᠎ᠠ ᠶᠢ ᠲᠤᠳᠤᠷᠬᠠᠢ  ᠪᠤᠯᠭᠠᠨ᠂  ᠰᠢᠮᠳᠠᠭᠤᠯᠵᠤ ᠲᠤᠤᠱᠢᠯᠠᠭᠤᠯᠤᠨ ᠬᠡᠷᠡᠭᠵᠢᠭᠦᠯᠬᠦ  ᠶᠢ ᠱᠠᠭᠠᠷᠳᠠᠨ᠎ᠠ᠃      ︵ᠲᠦᠷᠪᠡ︶  ᠲᠤᠰ ᠨᠢᠭᠡᠴᠡ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠵᠢᠯ ᠤᠨ ᠬᠠᠮᠢᠶᠠᠷᠤᠯᠲᠠ ᠶᠢᠨ ᠬᠠᠷᠠᠯᠲᠠ ᠪᠠ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠤᠨ ᠲᠥᠯᠥᠪᠯᠡᠭᠡ ᠶᠢ ᠲᠤᠭᠲᠠᠭᠠᠵᠤ  ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ  ᠬᠡᠷᠡᠭᠵᠢᠭᠦᠯᠵᠦ᠂ ᠲᠤᠰ ᠨᠢᠭᠡᠴᠡ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠡ᠊ᠨᠳᠡᠯ ᠢ ᠪᠠᠴᠢᠮ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠪᠠ ᠰᠣᠷᠢᠯᠲᠠ ᠬᠢᠬᠦ ᠳᠤ ᠤᠷᠤᠯᠴᠠᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠲᠡᠷᠭᠡ ᠶᠢᠨ ᠬᠡᠯᠪᠡᠷᠢ ᠶᠢ ᠰᠤᠩᠭᠤᠬᠤ  ᠪᠠ ᠠᠶᠠᠨᠴᠢᠳ ᠤᠨ ᠲᠡᠭᠡᠭᠡᠪᠦᠷᠢ  ᠶᠢᠨ ᠵᠢᠯᠤᠭᠤᠴᠢ ᠶᠢ ᠡᠯᠰᠡᠬᠦ ᠵᠡᠷᠭᠡ‌ᠠᠶᠤᠯᠭᠦᠢ ᠡᠵᠡᠩᠨᠡᠬᠦ ᠠᠵᠢᠯ ᠳᠤ ᠤᠷᠤᠯᠴᠠᠨ᠎ᠠ᠃      ︵ᠲᠠᠪᠤ︶  ᠲᠤᠰ ᠨᠢᠭᠡᠴᠡ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠵᠠᠷᠤᠳᠠᠯ ᠤᠨ ᠣᠷᠣᠭᠤᠯᠤᠯᠲᠠ ᠶᠢᠨ ᠲᠥᠯᠥᠪᠯᠡᠭᠡ ᠪᠠ ᠠᠶᠤᠯᠭᠦᠶ ᠮᠡᠷᠭᠡᠵᠢᠯ ᠤᠨ ᠠᠷᠭ᠎ᠠ ᠠᠪᠴᠠᠯ ᠲᠣᠭᠲᠠᠭᠠᠬᠤ ᠲᠥᠯᠥᠪᠯᠡᠭᠡ ᠶᠢ ᠲᠤᠭᠲᠠᠭᠠᠵᠤ᠂ ᠵᠣᠬᠢᠶᠠᠨ  ᠪᠠᠶᠢᠭᠤᠯᠤᠨ ᠬᠡᠷᠡᠭᠵᠢᠭᠦᠯᠬᠦ ᠪᠤᠶᠤ  ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃      ︵ᠵᠢᠷᠭᠤᠭ᠎ᠠ︶  ᠲᠤᠰ ᠨᠢᠭᠡᠴᠡ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂  ᠪᠠᠶᠢᠴᠠᠭᠠᠨ ᠤᠯᠤᠭᠰᠠᠨ ᠠᠮᠤᠷ ᠲᠦᠪᠰᠢᠨ ᠤ ᠲᠠᠯᠳᠠ ᠭᠡᠮ ᠪᠣᠯᠤᠨ ᠪᠤᠰᠤᠳ ᠠᠮᠤᠷ ᠲᠦᠪᠰᠢᠨ ᠤ ᠠᠰᠠᠭᠤᠳᠠᠯ ᠪᠠᠶᠢᠪᠠᠯ ᠬᠠᠮᠢᠶ᠎ᠠ ᠪᠦᠬᠦᠢ ᠰᠠᠯᠠᠭ᠎ᠠ ᠮᠦᠴᠢᠷ ᠢ ᠱᠠᠯᠠᠪᠳᠠᠨ  ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠶ᠂ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠦᠢᠯᠡᠳᠪᠦᠷᠢᠯᠡᠯ ᠤᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠤ᠂ ᠳᠠᠷᠤᠶ ᠲᠦᠷᠭᠡᠨ ᠳᠡᠭᠡᠭᠰᠢ ᠮᠡᠳᠡᠭᠦᠯᠬᠦ ᠬᠡᠷᠡᠭᠲᠡᠶ᠃  ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠡᠮᠲᠡᠭᠯᠡᠨ ᠨᠡᠶᠢᠲᠡᠯᠡᠭᠰᠡᠨ᠂ ᠵᠠᠷᠯᠠᠭᠰᠠᠨ ᠲᠡᠷᠭᠡ ᠪᠣᠯᠤᠨ ᠵᠢᠯᠣᠭᠤᠴᠢ  ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ  ᠴᠠᠭ ᠳᠠᠷᠤᠢ ᠳᠤᠨᠢ ᠰᠢᠢᠳᠪᠦᠷᠢᠯᠡᠨ᠎ᠡ᠃      ︵ᠲᠤᠯᠤᠭ᠎ᠠ︶  ᠳᠤᠰ ᠨᠢᠭᠡᠴᠡ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠲᠤᠬᠠᠶ ᠤᠬᠠᠭᠤᠯᠭ᠎ᠠ᠂ ᠬᠥᠮᠦᠵᠢᠯ  ᠪᠤᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠡᠷᠢᠭᠦᠨ ᠤ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠬᠡᠷᠡᠭᠲᠡᠶ᠃      ︵ ᠨᠠᠢᠮᠠ︶  ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠦᠶ᠎ᠡ ᠳᠤ᠂ ︽ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠮᠢᠶ᠎ᠠ ᠪᠦᠬᠦᠢ ᠰᠠᠯᠠᠭ᠎ᠠ  ᠮᠦᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠢ᠂ ᠲᠤᠰ ᠨᠢᠭᠡᠴᠡ ᠶᠢᠨ ᠢᠶᠠᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠤᠶᠤ ᠤᠷᠤᠯᠴᠠᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ  ᠪᠦᠷᠢᠳᠭᠡᠬᠦ ᠪᠠ ᠵᠠᠳᠠᠯᠤᠯᠲᠠ ᠬᠢᠬᠦ ᠠᠵᠢᠯ ᠢ ᠡᠭᠦᠷᠭᠡᠯᠡᠨ᠎ᠡ  ᠃      ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠠᠴᠠ ᠡᠯ᠎ᠡ ᠰᠠᠯᠪᠤᠷᠢ ᠪᠠᠶᠢᠭᠤᠯᠤᠮᠵᠢ᠂ ᠡᠯ᠎ᠡ‌ᠵᠢᠯᠣᠭᠤᠴᠢ ᠪᠠ ᠠᠮᠤᠷ ᠲᠦᠪᠰᠢᠨ ᠢ ᠬᠠᠮᠢᠶᠠᠷᠬᠤ ᠠᠵᠢᠯᠲᠠᠳ  ᠲᠠᠢ ᠠᠶᠤᠯᠭᠦᠶ ᠦᠢᠯᠡᠳᠪᠦᠷᠢᠯᠡᠯ ᠤᠨ ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ ᠂ ᠲᠣᠳᠣᠷᠬᠠᠶ ᠬᠢᠨᠠᠨ ᠰᠢᠯᠭᠠᠬᠤ ᠭᠦᠢᠴᠡᠳᠭᠡᠯ ᠢ  ᠲᠤᠭᠲᠠᠭᠠᠨ᠂  ᠲᠤᠭᠲᠠᠭᠰᠠᠨ ᠬᠤᠭᠤᠴᠠᠭ᠎ᠠ ᠲᠠᠢ ᠪᠠᠷ ᠬᠢᠨᠠᠨ ᠰᠢᠯᠭᠠᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠨᠡᠶᠢᠲᠡᠯᠡᠬᠦ ᠬᠡᠷᠡᠭᠲᠡᠶ᠃      ᠳᠣᠯᠣᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ‌ᠤᠯᠠᠷᠢᠯ ᠪᠦᠷᠢ ᠳᠤ ᠨᠠᠭᠠᠳᠤ  ᠵᠠᠬ᠎ᠠ ᠳᠠᠭᠠᠨ ᠨᠢᠭᠡ ᠤᠳᠠᠭ᠎ᠠ ᠠᠶᠤᠯᠭᠦᠢ ᠦᠢᠯᠡᠳᠪᠦᠷᠢᠯᠡᠯ  ᠤᠨ ᠠᠵᠢᠯ ᠤᠨ ᠬᠤᠷᠠᠯ ᠢ   ᠬᠤᠷᠠᠯᠳᠤᠭᠤᠯᠤᠨ᠎ᠠ᠂ ᠠᠶᠤᠯᠭᠦᠶ ᠦᠢᠯᠡᠳᠪᠦᠷᠢᠯᠡᠯ ᠤᠨ ᠡᠭᠡᠯᠵᠢᠲᠦ ᠬᠤᠷᠠᠯ ᠢ ᠠᠳᠠᠭ  ᠲᠠᠭᠠᠨ ᠰᠠᠷ᠎ᠠ ᠪᠦᠷᠢ ᠳᠤ ᠨᠢᠭᠡ ᠤᠳᠠᠭ᠎ᠠ ᠬᠤᠷᠠᠯᠳᠤᠭᠤᠯᠵᠤ᠂ ᠠᠮᠤᠷ ᠲᠦᠪᠰᠢᠨ ᠤ ᠪᠠᠶᠢᠳᠠᠯ ᠢ ᠵᠠᠳᠠᠯᠤᠨ᠂ ᠡᠯ᠎ᠡ ᠵᠦᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠤᠷᠠᠯ ᠤᠨ ᠲᠡᠮᠳᠡᠭᠯᠡᠯ ᠢ ᠳᠠᠩᠰᠠᠯᠠᠵᠤ ᠬᠠᠳᠠᠭᠠᠯᠠᠨ᠎ᠠ᠂ ᠬᠠᠳᠠᠭᠠᠯᠠᠬᠤ ᠬᠤᠭᠤᠴᠠᠭ᠎ᠠ ᠨᠢ ᠭᠤᠷᠪᠠᠨ ᠵᠢᠯ ᠠᠴᠠ ᠳᠡᠭᠡᠭᠰᠢ ᠪᠠᠶᠢᠬᠤ ᠬᠡᠷᠡᠭᠲᠡᠢ᠃ ᠶᠡᠭᠡ ᠲᠠᠯᠳᠠ ᠭᠡᠮ ᠶᠢ ᠣᠯᠵᠤ ᠮᠡᠳᠡᠬᠦ ᠪᠤᠶᠦ ᠡᠩ ᠶᠢᠨ ᠠᠮᠤᠷ ᠲᠦᠪᠰᠢᠨ ᠤ ᠠᠳᠡᠯ ᠭᠠᠷᠪᠠᠯ ᠴᠠᠭ ᠲᠤᠬᠠᠶ ᠳᠤᠨᠢ ᠠᠶᠤᠯᠭᠦᠶ ᠶᠢᠨ ᠲᠤᠬᠠᠶ ᠵᠠᠳᠠᠯᠤᠨ ᠮᠡᠳᠡᠭᠳᠡᠬᠦ ᠬᠤᠷᠠᠯ ᠢ ᠬᠢᠨ᠎ᠡ᠃      ᠨᠠᠢᠮᠠᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠠᠴᠠ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠦᠢᠯ ᠤᠨ ᠪᠡᠯᠡ ᠮᠥᠩᠭᠦ ᠭᠠᠷᠭᠠᠨ᠂  ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 1᠂5 % ᠢ ᠭᠠᠷᠭᠠᠨ ᠠᠪᠴᠦ ᠲᠤᠰᠬᠠᠢ ᠳᠠᠩᠰᠠ ᠪᠠᠶᠢᠭᠤᠯᠬᠤ ᠬᠡᠷᠡᠭᠲᠡᠢ᠃      ᠲᠤᠰᠬᠠᠶ ᠬᠦᠷᠦᠩᠭᠡ ᠮᠦᠩᠬᠦ ᠶᠢ ᠠᠶᠤᠯᠭᠦᠶ ᠡᠵᠡᠩᠨᠡᠬᠦ ᠲᠤᠨᠤᠭ ᠲᠥᠬᠦᠭᠡᠷᠦᠮᠵᠢ ᠪᠠ ᠪᠡᠯᠡᠳᠬᠡᠮᠵᠢ ᠶᠢ ᠲᠡᠭᠦᠯᠳᠡᠷᠵᠢᠭᠦᠯᠬᠦ᠂ ᠥᠭᠡᠷᠡᠴᠢᠯᠡᠬᠦ᠂ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂  ᠲᠤᠨᠤᠭ ᠲᠥᠬᠦᠭᠡᠷᠦᠮᠵᠢ ᠬᠢᠭᠡᠳ ᠠᠵᠢᠯᠲᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠭᠰᠡᠯ ᠲᠣᠬᠢᠷᠠᠭᠤᠯᠬᠤ  ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ  ᠂ ᠠᠮᠤᠷ ᠲᠦᠪᠰᠢᠨ ᠤ ᠪᠣᠯᠪᠠᠰᠤᠷᠠᠭᠤᠯᠤᠯ ᠦᠷᠨᠢᠭᠦᠯᠬᠦ᠂ ᠠᠮᠤᠷ ᠲᠦᠪᠰᠢᠨ ᠤ ᠪᠠᠶᠢᠴᠠᠭᠠᠯᠲᠠ ᠬᠢᠬᠦ ᠪᠠ ᠲᠠᠯᠳᠠ ᠭᠡᠮ ᠢ ᠵᠠᠰᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠦᠷᠨᠢᠭᠦᠯᠬᠦ᠂ ᠠᠶᠤᠯ ᠥᠭᠡᠢ ᠦᠢᠯᠡᠳᠪᠦᠷᠢᠯᠡᠯ ᠢ  ᠱᠠᠩᠨᠠᠨ ᠬᠦᠬᠢᠭᠦᠯᠬᠦ ᠵᠡᠷᠭᠡ ᠠᠵᠢᠯ   ᠳᠤ  ᠵᠠᠷᠤᠴᠠᠭᠤᠯᠤᠨ᠎ᠠ᠃      ᠶᠢᠰᠦᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠮᠠᠰᠢᠨ ᠲᠡᠷᠭᠡᠨ ᠤ ᠦᠷᠲᠡᠭᠡᠨ ᠳᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ ᠬᠡᠷᠡᠭᠰᠡᠬᠦ ᠲᠤᠨᠤᠭ ᠲᠥᠬᠦᠭᠡᠷᠦᠮᠵᠢ ᠪᠠ ᠪᠡᠯᠡᠳᠬᠡᠮᠵᠢ ᠶᠢ ᠲᠤᠬᠢᠷᠠᠭᠤᠯᠬᠤ ᠬᠡᠷᠡᠭᠲᠡᠢ᠃ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠭᠡᠵᠦ ᠂ ᠬᠥᠮᠦᠵᠢᠯ ᠪᠣᠯᠤᠨ ᠪᠣᠯᠪᠠᠰᠤᠷᠠᠭᠤᠯᠤᠯ ᠳᠤ ᠲᠡᠮᠳᠡᠭᠯᠡᠯ  ᠬᠢᠵᠦ ᠳᠠᠩᠰᠠᠯᠠᠵᠤ ᠬᠠᠳᠠᠭᠠᠯᠠᠬᠤ ᠬᠡᠷᠡᠭᠲᠡᠢ᠂ ᠬᠠᠳᠠᠭᠠᠯᠠᠬᠤ ᠬᠤᠭᠤᠴᠠᠭ᠎ᠠ ᠨᠢ 3 ᠵᠢᠯ ᠠᠴᠠ ᠳᠡᠭᠡᠭᠰᠢ ᠪᠠᠶᠢᠬᠤ ᠬᠡᠷᠡᠭᠲᠡᠢ᠃      ᠠᠷᠪᠠᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠰᠠᠨᠠᠭᠠᠴᠢᠯᠠᠭ᠎ᠠ ᠲᠠᠢ ᠪᠠᠷ ᠠᠶᠠᠨᠴᠢᠳ᠂ ᠵᠠᠭᠤᠴᠢᠯᠠᠭᠤᠷ ᠵᠢᠴᠢ ᠨᠡᠶᠢᠭᠡᠮ ᠤᠨ ᠡᠯ᠎ᠡ ᠡᠲᠡᠭᠡᠳ ᠠᠴᠠ ᠠᠶᠤᠯᠭᠦᠶ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠶᠢ  ᠬᠦᠯᠢᠶᠡᠵᠦ᠃ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠶᠠᠨᠴᠢᠳ ᠤᠨ ᠠᠮᠤᠷ ᠲᠦᠪᠰᠢᠨ ᠢ ᠮᠡᠳᠡᠭᠳᠡᠬᠦ ᠲᠦᠷᠢᠮ ᠢ ᠲᠡᠭᠦᠯᠳᠡᠷᠵᠢᠭᠦᠯᠵᠦ᠂ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠵᠠᠬᠢᠳᠠᠯ ᠨᠡᠪᠲᠡᠷᠡᠯᠴᠡᠬᠦ ᠬᠠᠶ᠋ᠢᠭ ᠪᠤᠶᠤ ᠢᠮᠧᠯ ᠢ ᠢᠯᠡ ᠪᠠᠷ ᠨᠠᠶᠢᠲᠡᠯᠡᠵᠤ᠂ ᠢᠯᠡᠴᠢᠯᠡᠨ ᠮᠡᠳᠡᠭᠦᠯᠬᠦ ᠪᠠ ᠵᠠᠭᠠᠯᠳᠤᠭᠰᠠᠨ ᠬᠡᠷᠡᠭ ᠤᠴᠢᠷ ᠢ ᠴᠠᠭ ᠲᠤᠬᠠᠶ ᠳᠤᠨᠢ ᠪᠠᠶᠢᠴᠠᠭᠠᠨ  ᠲᠤᠳᠤᠯᠠᠵᠦ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠮᠡᠳᠡᠭᠳᠡᠬᠦ ᠬᠡᠷᠡᠭᠲᠡᠶ᠃      ᠠᠷᠪᠠᠨ ᠨᠢᠭᠡᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠥᠷᠲᠡᠭᠡ‌ᠠᠶᠤᠯᠭᠦᠶ ᠦᠢᠯᠡᠳᠪᠦᠷᠢᠯᠡᠯ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠦᠯ ᠢ  ᠪᠠᠶᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ  ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠡᠩᠨᠡᠭᠡ᠂ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠪᠡᠯᠡᠳᠭᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠪᠠᠰᠤᠷᠠᠯ ᠢ ᠥᠷᠨᠢᠭᠦᠯᠬᠦ ᠬᠡᠷᠡᠭᠲᠡᠶ᠃ ᠶᠡᠷᠦᠩᠬᠡᠶ ᠪᠡᠯᠡᠳᠬᠡᠯ ᠲᠥᠰᠦᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠢᠯ  ᠳᠤ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠲᠤᠰᠬᠠᠶ ᠵᠦᠢᠯ ᠤᠨ ᠪᠡᠯᠡᠳᠬᠡᠯ ᠲᠥᠰᠦᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠤᠯᠠᠷᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ ᠬᠢᠬᠦ ᠬᠡᠷᠡᠭᠲᠡᠶ᠃      ᠠᠶᠤᠯᠭᠦᠶ ᠦᠢᠯᠡᠳᠪᠦᠷᠢᠯᠡᠯ ᠤᠨ ᠠᠳᠡᠯ ᠭᠠᠷᠤᠭᠰᠠᠨ ᠪᠠᠶᠢᠪᠠᠯ᠂ ᠲᠡᠷᠡ ᠳᠠᠷᠤᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠣᠬᠢᠶᠠᠨ ᠪᠠᠶᠢᠭᠤᠯᠤᠨ ᠠᠪᠤᠷᠠᠯᠲᠠ ᠬᠢᠬᠦ᠂ ᠡ᠊ᠨᠳᠡᠯ ᠶᠡᠬᠡᠳᠬᠦ ᠠᠴᠠ ᠰᠡᠷᠭᠡᠶᠢᠯᠡᠵᠦ᠂ ᠬᠥᠮᠦᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠪᠠᠭᠠᠰᠬᠠᠨ᠎ᠠ᠃ ᠠᠶᠠᠨᠴᠢᠳ ᠤᠨ ᠲᠡᠭᠡᠭᠡᠪᠦᠷᠢ ᠶᠢᠨ ᠶᠠᠪᠤᠴᠠ ᠳᠤ ᠠᠮᠤᠷ ᠲᠦᠪᠰᠢᠨ ᠤ ᠡ᠊ᠨᠳᠡᠯ  ᠡᠭᠦᠰᠪᠡᠯ᠂ ᠵᠢᠯᠣᠭᠤᠴᠢ ᠴᠠᠭ ᠲᠤᠬᠠᠶ ᠳᠤᠨᠢ ᠬᠡᠷᠡᠭ ᠭᠠᠷᠤᠭᠰᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠢᠭᠡᠳ ᠬᠠᠷᠢᠶ᠎ᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠮᠡᠳᠡᠭᠦᠯᠵᠦ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠲᠣᠭᠲᠠᠭᠰᠠᠨ ᠴᠠᠭ᠂  ᠠᠯᠬᠤᠮ ᠳᠠᠷᠠᠭ᠎ᠠ᠂ ᠠᠭᠤᠯᠭ᠎ᠠ ᠪᠠᠷ ᠡ᠊ᠨᠳᠡᠯ ᠭᠠᠷᠤᠭᠰᠠᠨ ᠭᠠᠵᠠᠷ ᠤᠨ ᠪᠠ ᠠᠵᠤ ᠠᠬᠤᠶᠢᠯᠠᠯ ᠤᠨ ᠬᠠᠷᠢᠶ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠲᠠᠯᠪᠢᠬᠤ᠂ ᠳᠣᠲᠣᠭᠠᠳᠤ ᠶᠢ ᠬᠠᠮᠠᠭᠠᠯᠠᠬᠤ᠂ ᠵᠠᠮ ᠲᠡᠭᠡᠭᠡᠪᠦᠷᠢ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠲᠤ ᠡ᠊ᠨᠳᠡᠯ ᠤᠨ ᠪᠠᠶᠢᠳᠠᠯ ᠢ ᠮᠡᠳᠡᠭᠦᠯᠬᠦ ᠶᠢᠨ ᠬᠠᠮᠲᠦ᠂ ᠠᠶᠤᠯᠭᠦᠶ ᠦᠢᠯᠡᠳᠪᠦᠷᠢᠯᠡᠯ ᠤᠨ ᠡ᠊ᠨᠳᠡᠯ ᠢ ᠪᠠᠴᠢᠮ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠬᠡᠷᠡᠭᠵᠢᠭᠦᠯᠦᠨ᠎ᠡ᠃      ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠲᠣᠭᠲᠠᠮᠠᠯ ᠬᠤᠭᠤᠴᠠᠭ᠎ᠠ ᠲᠠᠢ ᠪᠠᠷ ᠠᠶᠤᠯᠭᠦᠶ ᠦᠢᠯᠡᠳᠪᠦᠷᠢᠯᠡᠯ ᠤᠨ ᠡ᠊ᠨᠳᠡᠯ ᠢ ᠪᠦᠷᠢᠳᠬᠡᠬᠦ ᠪᠠ ᠵᠠᠳᠠᠯᠤᠯᠲᠠ ᠬᠢᠵᠦ᠂ ᠡ᠊ᠨᠳᠡᠯ ᠤᠨ ᠣᠨᠴᠠᠯᠢᠭ ᠪᠠ ᠰᠢᠯᠲᠠᠭᠠᠨ ᠢ ᠳ᠋ᠦᠩᠨᠡᠵᠦ᠂ ᠬᠠᠨᠳᠤᠯᠭᠠᠲᠤ ᠴᠢᠨᠠᠷᠲᠠᠶ ᠡ᠊ᠨᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ  ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠠᠶᠤᠯᠲᠠᠶ ᠡᠳ᠋ ᠪᠣᠳᠠᠰ ᠢ ᠪᠠᠶᠢᠴᠠᠭᠠᠨ ᠬᠤᠷᠢᠭᠯᠠᠬᠤ ᠲᠦᠷᠢᠮ᠂ ᠪᠠᠶᠢᠴᠠᠭᠠᠬᠤ ᠠᠵᠢᠯ ᠤᠨ ᠵᠢᠷᠤᠮ ᠢ ᠲᠣᠭᠲᠠᠭᠠᠵᠤ᠂ ᠲᠤᠰᠬᠠᠢ ᠪᠠᠶᠢᠴᠠᠭᠠᠨ ᠬᠤᠷᠢᠭᠯᠠᠬᠤ ᠠᠵᠢᠯ ᠤᠨ ᠪᠠᠶᠢᠷᠢ ᠶᠢ ᠲᠤᠬᠢᠷᠠᠭᠤᠯᠵᠦ᠂ ᠴᠢᠬᠤᠯᠠ ᠪᠦᠬᠦᠢ ᠪᠠᠶᠢᠴᠠᠭᠠᠬᠤ ᠲᠥᠬᠦᠭᠡᠷᠦᠮᠵᠢ ᠪᠣᠯᠤᠨ ᠠᠶᠤᠯᠭᠦᠶ ᠶᠢᠨ ᠪᠠᠶᠢᠴᠠᠭᠠᠯᠲᠠ ᠶᠢᠨ ᠭᠡᠰᠢᠭᠦᠳ ᠢ  ᠲᠤᠬᠢᠷᠠᠭᠤᠯᠤᠨ᠂ ᠠᠶᠤᠯᠲᠠᠢ ᠪᠣᠳᠠᠰ ᠢ ᠪᠠᠶᠢᠴᠠᠭᠠᠵᠤ ᠬᠤᠷᠢᠭᠯᠠᠬᠤ ᠠᠵᠢᠯ ᠢᠶᠠᠨ ᠴᠢᠩᠭᠠᠳᠬᠠᠵᠤ᠂ᠠᠶᠤᠯᠭᠦᠶ ᠶᠢᠨ ᠪᠠᠶᠢᠴᠠᠭᠠᠯᠲᠠ ᠶᠢᠨ ᠭᠡᠰᠢᠭᠦᠳ ᠡᠷᠬᠡᠪᠰᠢ ᠪᠤᠯᠪᠠᠰᠤᠷᠠᠯ ᠳᠤ ᠤᠷᠤᠯᠴᠠᠵᠦ ᠬᠢᠷᠢ ᠲᠡᠩᠴᠡᠭᠰᠡᠨ ᠤ ᠳᠠᠷᠠᠭ᠎ᠠ ᠦᠨᠡᠮᠯᠡᠯ ᠶᠢᠨ ᠠᠪᠴᠦ ᠠᠵᠢᠯ ᠤᠨ ᠪᠠᠶᠢᠷᠢ ᠳᠤ ᠭᠠᠷᠬᠤ ᠬᠡᠷᠡᠭᠲᠡᠢ᠃ ᠥᠷᠲᠡᠭᠡᠨ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ  ᠠᠶᠤᠯ ᠢ ᠰᠡᠷᠭᠡᠶᠢᠯᠡᠬᠦ ᠲᠦᠭᠦᠷᠤᠮᠵᠢ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ  ᠲᠤᠬᠢᠷᠠᠭᠤᠯᠤᠭᠰᠠᠨ ᠪᠠᠶᠢᠬᠤ ᠬᠡᠷᠡᠭᠲᠡᠢ ᠪᠥᠭᠡᠳ ᠪᠠᠭᠠᠵᠢ ᠬᠡᠷᠡᠭᠰᠡᠯ ᠪᠦᠷᠢᠨ ᠭᠦᠢᠴᠡᠳ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠠᠮᠤᠷ ᠲᠦᠪᠰᠢᠨ ᠤ ᠲᠥᠬᠦᠭᠡᠷᠦᠮᠵᠢ ᠶᠢᠨ ᠬᠡᠪ ᠤᠨ  ᠠᠵᠢᠯᠯᠠᠭ᠎ᠠ ᠶᠢ ᠪᠠᠲᠤᠯᠠᠨ᠂ ᠲᠤᠭᠲᠠᠭᠰᠠᠨ ᠬᠤᠭᠤᠴᠠᠭᠠᠨ ᠳᠤ  ᠠᠷᠠᠴᠢᠯᠠᠨ ᠬᠠᠮᠠᠭᠠᠯᠠᠵᠤ᠂   ᠰᠢᠯᠭᠠᠨ ᠪᠠᠶᠢᠴᠠᠭᠠᠵᠤ᠂ ᠬᠠᠮᠠᠭᠠᠯᠠᠯ ᠬᠢᠭᠰᠡᠨ ᠲᠡᠮᠳᠡᠭᠯᠡᠯ  ᠢᠶᠠᠨ ᠰᠠᠶᠢᠲᠤᠷ ᠬᠢᠵᠦ ᠭᠠᠷ ᠤᠨ ᠦᠰᠦᠭ ᠵᠢᠷᠤᠨ᠎ᠠ᠃      ᠠᠷᠪᠠᠨ ᠭᠤᠷᠪᠠᠳᠤᠭᠠᠷ ᠵᠦᠢᠯ  ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠡᠯ᠎ᠡ ᠵᠦᠢᠯ ᠤᠨ ᠠᠶᠤᠯᠭᠦᠶ ᠶᠢᠨ ᠬᠠᠮᠢᠶᠠᠷᠤᠯᠲᠠ ᠶᠢᠨ ᠳᠦᠷᠢᠮ ᠪᠠ ᠠᠶᠤᠯᠭᠦᠶ ᠠᠵᠢᠯᠯᠠᠬᠤ ᠳᠦᠷᠢᠮᠵᠢᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠂  ︽ᠭᠤᠷᠪᠠ ᠶᠢ ᠤᠷᠤᠭᠤᠯᠬᠤ ᠦᠭᠡᠢ᠂  ᠵᠢᠷᠭᠤᠭ᠎ᠠ ᠶᠢ ᠭᠠᠷᠭᠠᠬᠤ ᠦᠭᠡᠢ︾ ᠲᠤᠭᠲᠠᠭᠠᠯ᠂ ︽ ᠲᠠᠪᠤ ᠶᠢ ᠵᠦᠷᠢᠴᠡᠬᠦ ᠦᠭᠡᠢ ᠬᠤᠶᠠᠷ ᠢ ᠪᠠᠲᠤᠯᠠᠬᠤ︾ ᠠᠮᠠᠯᠠᠯᠲᠠ ᠵᠡᠷᠭᠡ ᠠᠶᠤᠯᠭᠦᠶ ᠶᠢᠨ ᠬᠠᠮᠢᠶᠠᠷᠤᠯᠲᠠ ᠶᠢᠨ ᠲᠣᠭᠲᠠᠭᠠᠯ ᠵᠢᠴᠢ ᠠᠶᠤᠯᠭᠦᠶ ᠶᠢᠨ  ᠮᠡᠳᠡᠭᠳᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠵᠢᠯᠣᠭᠤᠴᠢ ᠶᠢᠨ ᠠᠮᠤᠷ ᠲᠦᠪᠰᠢᠨ ᠤ ᠠᠮᠠᠯᠠᠯᠲᠠ ᠵᠡᠷᠭᠡ ᠲᠣᠭᠲᠠᠭᠠᠯ  ᠵᠢᠴᠢ ᠰᠦᠷᠡᠬᠡᠶ ᠮᠠᠭᠤ ᠴᠠᠭ ᠠᠭᠤᠷ ᠤᠨ ᠨᠦᠬᠦᠴᠡᠯ ᠳᠠᠬᠢ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃      ᠠᠶᠠᠨᠴᠢᠳ ᠤᠨ ᠮᠠᠰᠢᠨ ᠲᠡᠷᠭᠡᠨ ᠥᠷᠲᠡᠭᠡ ᠶᠢᠨ ᠡᠵᠡᠩᠨᠡᠭᠴᠢ  ᠲᠡᠷᠭᠡ ᠥᠷᠲᠡᠭᠡᠨ ᠠᠴᠠ ᠭᠠᠷᠬᠤ  ᠠᠴᠠ ᠡᠮᠦᠨ᠎ᠡ᠂ ᠵᠢᠯᠣᠭᠤᠴᠢ ᠶᠢᠨ ᠦᠨᠡᠮᠯᠡᠯ᠂ ᠠᠶᠠᠨᠴᠢᠳ ᠤᠨ  ᠲᠡᠷᠭᠡᠨ ᠤ ᠡᠵᠡᠩᠨᠡᠯᠲᠡ ᠶᠢᠨ ᠭᠡᠷᠡᠴᠢ ᠲᠡᠮᠳᠡᠭ᠂ ᠠᠶᠠᠨᠴᠢᠳ ᠤᠨ ᠲᠡᠷᠭᠡᠨ ᠤ ᠠᠮᠤᠷ ᠲᠦᠪᠰᠢᠨ ᠤ ᠵᠤᠷᠰᠢᠯ ᠪᠠᠶᠢᠴᠠᠭᠠᠯᠲᠠ ᠶᠢᠨ ᠪᠠᠶᠢᠳᠠᠯ᠂ ᠠᠶᠠᠨᠴᠢᠳ ᠤᠨ ᠲᠡᠷᠭᠡᠨ ᠤ ᠪᠣᠳᠠᠲᠠᠶ  ᠲᠡᠭᠡᠭᠡᠪᠦᠷᠢᠯᠡᠵᠦ ᠪᠠᠶᠢᠭ᠎ᠠ ᠬᠥᠮᠦᠨ ᠤ ᠲᠤᠭ᠎ᠠ᠂ ᠲᠡᠷᠭᠡᠨ ᠳᠡᠭᠡᠷᠡᠬᠢ  ᠬᠦᠮᠦᠰ ᠤᠨ ᠠᠶᠤᠯᠭᠦᠶ ᠪᠦᠰᠡ ᠶᠢ ᠪᠦᠰᠡᠯᠡᠭᠰᠡᠨ ᠪᠠᠶᠢᠳᠠᠯ᠂ ᠥᠷᠲᠡᠭᠡᠨ ᠠᠴᠠ ᠭᠠᠷᠬᠤ ᠳᠤ ᠳᠠᠩᠰᠠᠯᠠᠭᠤᠯᠬᠤ ᠭᠠᠷ ᠭᠦᠢᠴᠡᠳᠬᠡᠯ ᠲᠤᠭᠲᠠᠭᠠᠯ ᠳᠤ ᠨᠡᠶᠢᠴᠡᠬᠦ ᠡᠰᠡᠬᠦ  ᠵᠡᠷᠭᠡ ᠪᠠᠶᠢᠳᠠᠯ ᠢ ᠬᠢᠨᠠᠨ ᠪᠠᠶᠢᠴᠠᠭᠠᠵᠤ᠂  ᠪᠠᠶᠢᠴᠠᠭᠠᠯᠲᠠ ᠳᠤ ᠬᠢᠷᠢ ᠲᠡᠩᠴᠡᠭᠰᠡᠨ  ᠮᠦᠷᠳᠡᠭᠡᠨ ᠪᠠᠶᠢᠴᠠᠭᠠᠭᠴᠢ ᠪᠠ ᠮᠠᠰᠢᠨ ᠲᠡᠷᠭᠡᠨ ᠤ ᠵᠢᠯᠣᠭᠤᠴᠢ ᠭᠠᠷ ᠤᠨ ᠦᠰᠦᠭ  ᠵᠢᠷᠤᠭᠰᠠᠨ ᠤ ᠳᠠᠷᠠᠭ᠎ᠠ ᠰᠠᠶ᠋ᠢ ᠥᠷᠲᠡᠭᠡᠨ ᠠᠴᠠ ᠭᠠᠷᠬᠤ ᠶᠢ ᠵᠦᠪᠰᠢᠶᠡᠷᠡᠨ᠎ᠡ᠃ ᠠᠶᠠᠨᠴᠢᠳ ᠤᠨ ᠲᠡᠷᠭᠡᠨ ᠤ ᠪᠣᠳᠠᠲᠠᠶ ᠲᠡᠭᠡᠭᠡᠪᠦᠷᠢᠯᠡᠬᠦ ᠬᠥᠮᠦᠨ ᠤ ᠲᠤᠭ᠎ᠠ ᠪᠠᠷ ᠪᠢᠯᠧᠲ  ᠬᠤᠳᠠᠯᠳᠤᠬᠤ ᠶᠢ ᠴᠢᠩᠭ᠎ᠠ  ᠵᠢᠷᠦᠮᠯᠡᠵᠦ  ᠂ ᠳᠠᠭᠠᠭᠠᠴᠠ ᠠᠴᠠ ᠬᠡᠲᠦᠷᠡᠭᠦᠯᠦᠨ ᠠᠴᠢᠶᠠᠯᠠᠭᠰᠠᠨ ᠲᠡᠷᠭᠡ ᠪᠠ ᠠᠶᠤᠯᠭᠦᠶ ᠶᠢᠨ ᠪᠠᠶᠢᠴᠠᠭᠠᠯᠲᠠ ᠬᠢᠭᠰᠡᠨ ᠤᠢᠭᠡᠢ ᠲᠡᠷᠭᠡ ᠶᠢ ᠥᠷᠲᠡᠭᠡᠨ ᠠᠴᠠ ᠭᠠᠷᠭᠠᠵᠤ ᠪᠤᠯᠬᠤ ᠦᠭᠡᠢ᠃      ᠠᠷᠪᠠᠨ ᠳᠥᠷᠪᠡᠳᠦᠭᠡᠷ ᠵᠦᠢᠯ  ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢᠳ ᠪᠤᠶᠤ ᠲᠡᠭᠦᠨ ᠤ ᠨᠠᠶᠢᠳᠠᠭᠰᠠᠨ ᠪᠢᠯᠧᠲ ᠬᠤᠳᠠᠯᠳᠤᠬᠤ ᠨᠢᠭᠡᠴᠡ᠂  ᠡᠬᠢᠯᠡᠯᠲᠡ ᠲᠡᠭᠦᠰᠭᠡᠯ ᠤᠨ ᠴᠢᠭ ᠪᠣᠯᠤᠨ ᠵᠠᠮ ᠳᠤᠮᠳᠠᠬᠢ  ᠦᠷᠲᠡᠭᠡ᠂ ᠱᠠᠭᠠᠷᠳᠠᠯᠭ᠎ᠠ ᠶᠣᠰᠣᠭᠠᠷ  ᠦᠨᠡᠨ ᠨᠡᠷ᠎ᠡ ᠪᠠᠷ ᠪᠢᠯᠧᠲ  ᠬᠤᠳᠠᠯᠳᠤᠵᠤ  ᠂ ᠨᠡᠷ᠎ᠡ ᠲᠠᠢ ᠬᠠᠷᠭᠤᠭᠤᠯᠤᠨ ᠪᠠᠶᠢᠴᠠᠭᠠᠬᠤ ᠬᠡᠷᠡᠭᠲᠡᠶ᠃      ᠠᠷᠪᠠᠨ ᠲᠠᠪᠤᠳᠤᠭᠠᠷ ᠵᠦᠢᠯ   ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ ᠬᠡᠷᠡᠭᠯᠡᠵᠦ ᠪᠦᠬᠦᠢ ᠮᠠᠰᠢᠨ ᠲᠡᠷᠭᠡᠨ ᠳᠡᠭᠡᠨ ᠮᠠᠰᠢᠨᠲᠤ ᠲᠡᠷᠭᠡ ᠶᠢᠨ ᠵᠠᠮ ᠬᠠᠷᠢᠯᠴᠠᠭᠠᠨ ᠤ ᠡ᠊ᠨᠳᠡᠯ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠤᠷᠤᠭᠤᠯᠬᠤ ᠮᠦᠷᠳᠡᠭᠡᠨ  ᠠᠶᠠᠨᠴᠢᠳ ᠲᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠠᠪᠬᠤ ᠬᠡᠷᠡᠭᠲᠡᠶ᠃      ᠠᠷᠪᠠᠨ ᠵᠢᠷᠭᠤᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ᠂ ᠤᠳᠤᠷᠢᠳᠤᠯᠭ᠎ᠠ ᠨᠠᠷ 24 ᠴᠠᠭ ᠢᠶᠠᠷ ᠡᠭᠡᠯᠵᠢ ᠳᠠᠭᠠᠭᠤᠯᠤᠨ ᠵᠢᠵᠢᠭᠦᠷᠯᠡᠬᠦ ᠵᠢᠵᠢᠭᠦᠷ ᠤᠨ ᠲᠦᠷᠢᠮ ᠢ ᠬᠡᠷᠡᠭᠵᠢᠭᠦᠯᠵᠦ ᠬᠡᠷᠡᠭᠲᠡᠶ᠃      ᠠᠷᠪᠠᠨ ᠳᠣᠯᠣᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠵᠢᠯᠤᠭᠤᠴᠢ ᠶᠢᠨ ᠠᠶᠤᠯᠭᠦᠶ ᠪᠠᠷ ᠲᠡᠷᠭᠡ ᠵᠢᠯᠤᠭᠤᠳᠤᠭᠰᠠᠨ ᠥᠩᠭᠡᠷᠡᠯᠲᠡ ᠪᠠ ᠠᠵᠢᠯ ᠡᠷᠬᠢᠯᠡᠬᠦ ᠬᠢᠷᠢ ᠬᠡᠮ  ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠢ ᠮᠦᠷᠲᠡᠭᠡᠨ ᠠᠮᠤᠷ ᠲᠦᠪᠰᠢᠨ ᠤ ᠦᠵᠡᠯ ᠤᠬᠠᠮᠰᠠᠷ ᠪᠠ ᠠᠶᠤᠯᠭᠦᠶ ᠠᠵᠢᠯᠯᠠᠬᠤ ᠤᠷ᠎ᠠ ᠮᠡᠷᠭᠡᠵᠢᠯ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠵᠠᠮ ᠲᠡᠭᠡᠭᠡᠪᠦᠷᠢ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠲᠠᠯ᠎ᠠ ᠶᠢᠨ ᠪᠤᠯᠪᠠᠰᠤᠷᠠᠯ ᠢ ᠬᠦᠷᠲᠡᠭᠡᠵᠦ᠂ ᠬᠢᠨᠠᠨ ᠰᠢᠯᠭᠠᠭᠤᠯᠤᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠠᠵᠢᠯ ᠤᠨ ᠪᠠᠶᠢᠷᠢ ᠳᠤ  ᠭᠠᠷᠭᠠᠨ᠎ᠠ᠃      ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠠᠵᠢᠯ ᠤᠨ ᠪᠠᠶᠢᠷᠢ ᠳᠤ ᠭᠠᠷᠬᠤ ᠳᠤ ᠣᠨᠣᠯ ᠤᠨ ᠪᠤᠯᠪᠠᠰᠤᠷᠠᠭᠤᠯᠤᠯ 12 ᠴᠠᠭ ᠠᠴᠠ ᠳᠤᠲᠠᠭᠤ ᠪᠠᠶᠢᠵᠤ ᠪᠣᠯᠬᠤ ᠦᠭᠡᠢ᠂  ᠪᠣᠳᠠᠲᠠᠶ ᠵᠢᠯᠣᠭᠤᠴᠢ ᠶᠢᠨ ᠪᠤᠯᠪᠠᠰᠤᠷᠠᠭᠤᠯᠤᠯ 30 ᠴᠠᠭ ᠠᠴᠠ ᠳᠤᠲᠠᠭᠤ ᠪᠠᠶᠢᠵᠤ ᠪᠣᠯᠬᠤ ᠦᠭᠡᠢ᠃ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠰᠠᠷ᠎ᠠ ᠪᠦᠷᠢ 2 ᠤᠳᠠᠭ᠎ᠠ ᠠᠴᠠ ᠳᠤᠲᠠᠭᠤ ᠪᠠᠶᠢᠵᠤ ᠪᠣᠯᠬᠤ ᠦᠭᠡᠢ  ᠂ ᠤᠳᠠᠭ᠎ᠠ ᠪᠦᠷᠢ 1 ᠴᠠᠭ ᠠᠴᠠ ᠳᠤᠲᠠᠭᠤ ᠦᠭᠡᠢ ᠬᠥᠮᠦᠵᠢᠯ ᠪᠣᠯᠪᠠᠰᠤᠷᠠᠯ  ᠬᠦᠷᠲᠡᠬᠦ ᠬᠡᠷᠡᠭᠲᠡᠶ᠃ ᠵᠢᠯᠣᠭᠤᠴᠢ ᠬᠥᠮᠦᠵᠢᠯ ᠪᠣᠯᠪᠠᠰᠤᠷᠠᠯ ᠢ ᠦᠩᠭᠡᠷᠡᠭᠰᠡᠨ ᠦᠭᠡᠢ ᠪᠤᠶᠤ ᠬᠥᠮᠦᠵᠢᠯ ᠪᠣᠯᠪᠠᠰᠤᠷᠠᠯ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠵᠢᠯ ᠤᠨ ᠪᠠᠶᠢᠷᠢ ᠳᠤ  ᠭᠠᠷᠭᠠᠵᠤ ᠪᠣᠯᠬᠤ ᠦᠭᠡᠢ᠃ ᠰᠠᠷ᠎ᠠ ᠪᠦᠷᠢ ᠨᠢᠭᠡ ᠤᠳᠠᠭ᠎ᠠ ᠵᠢᠯᠣᠭᠤᠴᠢ ᠶᠢᠨ ᠬᠠᠤᠯᠢ ᠠᠴᠠ ᠵᠥᠷᠢᠴᠡᠭᠰᠡᠨ ᠪᠠ ᠡ᠊ᠨᠳᠡᠯ ᠭᠠᠷᠤᠭᠰᠠᠨ ᠪᠠᠶᠢᠳᠠᠯ ᠢ ᠪᠠᠶᠢᠴᠠᠭᠠᠵᠦ᠂ ᠴᠠᠭ ᠲᠤᠬᠠᠶ ᠳᠤᠨᠢ ᠬᠠᠨᠳᠤᠯᠭ᠎ᠠ ᠲᠠᠢ ᠬᠥᠮᠦᠵᠢᠯ  ᠬᠢᠭᠰᠡᠨ ᠪᠠ ᠰᠢᠢᠳᠪᠦᠷᠢᠯᠡᠭᠰᠡᠨ ᠪᠠᠶᠢᠬᠤ ᠬᠡᠷᠡᠭᠲᠡᠶ᠃      ᠠᠷᠪᠠᠨ ᠨᠠᠢᠮᠠᠳᠤᠭᠠᠷ ᠵᠦᠢᠯ  ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠶᠢᠨ ᠲᠡᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠪᠤᠯᠭᠠᠨ ᠳᠤ ᠲᠡᠩᠰᠠ ᠡᠪᠬᠡᠮᠡᠯ  ᠪᠠᠶᠢᠭᠤᠯᠵᠦ᠂ ᠵᠢᠯᠣᠭᠤᠴᠢ ᠶᠢᠨ ᠦᠨᠳᠦᠰᠦᠨ ᠮᠡᠳᠡᠭᠡ ᠵᠠᠩᠭᠢ᠂ ᠵᠢᠯᠣᠭᠤᠴᠢ ᠶᠢᠨ ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭᠲᠦ᠂ ᠠᠶᠤᠯᠭᠦᠢ ᠪᠠᠷ ᠲᠡᠷᠭᠡ ᠵᠢᠯᠤᠭᠤᠳᠤᠭᠰᠠᠨ ᠮᠡᠳᠡᠭᠡ ᠵᠠᠩᠭᠢ᠂ ᠦᠨᠡᠨᠴᠢ ᠢᠲᠡᠭᠡᠮᠵᠢ ᠶᠢ ᠰᠢᠯᠭᠠᠨ ᠬᠢᠨᠠᠭᠰᠠᠨ ᠮᠡᠳᠡᠭᠡ ᠵᠠᠩᠭᠢ ᠪᠠ ᠪᠣᠯᠪᠠᠰᠤᠷᠠᠭᠤᠯᠵᠤ ᠬᠢᠨᠠᠨ ᠰᠢᠯᠭᠠᠭᠰᠠᠨ ᠮᠡᠳᠡᠭᠡ ᠵᠠᠩᠭᠢ ᠶᠢ ᠪᠠᠭᠲᠠᠭᠠᠨ᠎ᠠ᠃      ᠠᠷᠪᠠ ᠶᠢᠰᠦᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠠᠴᠠ ᠠᠵᠢᠯᠯᠠᠵᠤ ᠪᠠᠶᠢᠭ᠎ᠠ ᠬᠥᠮᠦᠰ ᠤᠨ ᠤᠷᠢᠵᠤ ᠬᠡᠷᠡᠭᠯᠡᠬᠦ ᠵᠢᠴᠢ ᠠᠶᠠᠨᠴᠢᠳ ᠤᠨ ᠲᠡᠭᠡᠭᠡᠪᠦᠷᠢ ᠶᠢᠨ ᠵᠢᠯᠤᠭᠤᠴᠢ ᠶᠢ ᠰᠢᠯᠵᠢᠭᠦᠯᠬᠦ ᠪᠠ ᠠᠵᠢᠯ ᠠᠴᠠ ᠨᠢ   ᠵᠤᠭᠰᠤᠭᠠᠬᠤ  ᠳᠦᠷᠢᠮ ᠢ ᠪᠠᠶᠢᠭᠤᠯᠤᠨ᠎ᠠ  ᠃ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ  ᠪᠦᠷᠢᠨ ᠬᠤᠪᠢ ᠣᠯᠵᠤ᠂ ᠦᠨᠡᠨᠴᠢ  ᠢᠲᠡᠭᠡᠮᠵᠢ ᠶᠢᠨ ᠬᠢᠨᠠᠨ  ᠰᠢᠯᠭᠠᠯᠲᠠ ᠳᠤ ᠬᠢᠷᠢ ᠲᠡᠩᠴᠡᠭᠰᠡᠨ ᠥᠭᠡᠢ  ᠪᠤᠶᠤ ᠠᠵᠢᠯ ᠤᠨ ᠬᠢᠷᠢ ᠬᠡᠮ ᠤᠨ ᠦᠨᠡᠮᠯᠡᠯ ᠢᠶᠠᠨ ᠬᠠᠰᠤᠭᠤᠯᠤᠭᠰᠠᠨ ᠠᠶᠠᠨᠴᠢᠳ ᠤᠨ ᠲᠡᠭᠡᠭᠡᠪᠦᠷᠢ ᠶᠢᠨ ᠵᠢᠯᠤᠭᠤᠴᠢ ᠶᠢ ᠴᠠᠭ ᠲᠤᠬᠠᠶ ᠳᠤᠨᠢ ᠰᠢᠯᠵᠢᠭᠦᠯᠬᠦ ᠪᠤᠶᠤ ᠠᠵᠢᠯ ᠠᠴᠠ ᠨᠢ   ᠵᠤᠭᠰᠤᠭᠠᠨ᠎ᠠ  ᠃     ᠬᠤᠷᠢᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ  ᠂ ᠠᠶᠠᠨᠴᠢᠨ ᠤᠨ ᠲᠡᠭᠡᠭᠡᠪᠦᠷᠢ ᠶᠢᠨ ᠵᠢᠯᠣᠭᠤᠴᠢ ᠶᠢᠨ ᠠᠶᠤᠯᠭᠦᠶ ᠶᠢᠨ ᠰᠡᠷᠡᠮᠵᠢᠯᠡᠭᠦᠯᠬᠦ ᠳᠦᠷᠢᠮ ᠪᠤᠯᠤᠨ ᠶᠠᠳᠠᠷᠠᠭᠤ ᠪᠠᠷ ᠵᠢᠯᠤᠭᠤᠳᠬᠤ ᠶᠢ ᠰᠡᠷᠭᠡᠶᠢᠯᠡᠬᠦ ᠪᠠ ᠠᠯᠪᠠᠳᠠᠯᠭ᠎ᠠ ᠪᠠᠷ ᠠᠮᠠᠷᠠᠭᠤᠯᠬᠤ ᠳᠦᠷᠢᠮ ᠢ ᠪᠠᠶᠢᠭᠤᠯᠬᠤ ᠬᠡᠷᠡᠭᠲᠡᠢ᠃ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠳᠠᠨ ᠠᠴᠠ ᠲᠡᠷᠭᠡ ᠭᠠᠷᠬᠤ ᠠᠴᠠ ᠡᠮᠦᠨᠡᠬᠢ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠳᠤ ᠠᠰᠠᠭᠤᠨ  ᠰᠠᠨᠠᠭᠤᠯᠵᠤ᠂ ᠡᠳᠦᠷ ᠳᠤᠲᠤᠮ ᠤᠨ ᠬᠠᠮᠠᠭᠠᠯᠠᠯᠲᠠ ᠪᠠ  ᠪᠠᠶᠢᠴᠠᠭᠠᠯᠲᠠ ᠶᠢ ᠰᠠᠶᠢᠲᠤᠷ ᠬᠢᠬᠦ  ᠶᠢ  ᠰᠢᠮᠳᠠᠭᠤᠯᠵᠤ᠂ ᠰᠠᠨᠠᠭᠤᠯᠵᠤ᠂ ᠱᠠᠭᠠᠷᠳᠠᠨ᠎ᠠ᠂ ᠵᠢᠯᠣᠭᠤᠴᠢ ᠶᠢᠨ ᠪᠡᠶ᠎ᠡ ᠰᠡᠳᠭᠢᠯ ᠤᠨ ᠡᠷᠡᠭᠦᠯ ᠮᠡᠨᠳᠦ ᠶᠢ  ᠬᠠᠯᠠᠮᠵᠢᠯᠠᠨ᠂  ᠲᠤᠭᠲᠠᠭᠰᠠᠨ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠵᠣᠬᠢᠶᠠᠨ ᠪᠠᠶᠢᠭᠤᠯᠵᠤ᠂ ᠲᠡᠭᠡᠭᠡᠪᠦᠷᠢ ᠶᠢᠨ ᠡᠭᠦᠷᠭᠡ ᠶᠢ ᠵᠦᠢ ᠵᠣᠬᠢᠰᠲᠠᠶ ᠲᠤᠬᠢᠷᠠᠭᠤᠯᠤᠨ᠂ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠠᠷᠢᠬᠢ ᠤᠤᠭᠤᠭᠠᠳ ᠠᠵᠢᠯ ᠤᠨ ᠪᠠᠶᠢᠷᠢ ᠳᠤ ᠭᠠᠷᠬᠤ᠂ ᠡᠪᠡᠳᠴᠢᠨ ᠲᠠᠢ ᠪᠤᠶᠤ ᠡᠰᠡᠬᠦᠯ᠎ᠡ‌ᠢᠳᠡᠪᠬᠢ ᠪᠤᠰᠤ  ᠰᠡᠳᠭᠢᠯᠭᠡ ᠪᠠᠷ ᠠᠵᠢᠯ ᠤᠨ ᠪᠠᠶᠢᠷᠢ ᠳᠤ ᠭᠠᠷᠬᠤ᠂ ᠶᠠᠳᠠᠷᠠᠭᠤ ᠪᠠᠷ ᠵᠢᠯᠤᠭᠤᠳᠬᠤ ᠶᠢ ᠡᠷᠡᠰ ᠰᠡᠷᠭᠡᠶᠢᠯᠡᠨ᠎ᠡ᠃      ᠬᠤᠷᠢᠨ ᠨᠢᠭᠡᠳᠦᠭᠡᠷ ᠵᠦᠢᠯ  ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠵᠢᠯᠣᠭᠤᠴᠢ ᠶᠢᠨ ᠠᠵᠢᠯᠯᠠᠬᠤ ᠳᠦᠷᠢᠮ ᠲᠣᠭᠲᠠᠭᠠᠬᠤ ᠬᠡᠷᠡᠭᠲᠡᠶ᠂ ︽ᠲᠡᠷᠭᠡ ᠬᠥᠳᠡᠯᠬᠦ ᠠᠴᠠ ᠡᠮᠦᠨ᠎ᠡ᠂ ᠲᠡᠷᠭᠡ ᠶᠠᠪᠤᠵᠦ ᠪᠠᠶᠢᠬᠤ ᠳᠤᠮᠳᠠ᠂ ᠲᠡᠷᠭᠡ ᠬᠤᠷᠢᠶᠠᠭᠰᠠᠨ ᠤ ᠰᠡᠭᠦᠯᠡᠷᠬᠢ︾ ᠦᠶ᠎ᠡ ᠶᠢᠨ ᠲᠡᠷᠭᠡᠨ ᠤ ᠮᠡᠷᠭᠡᠵᠢᠯ ᠤᠨ ᠪᠠᠶᠢᠳᠠᠯ ᠢ ᠪᠠᠶᠢᠴᠠᠭᠠᠬᠤ ᠵᠡᠷᠭᠡ ᠠᠭᠤᠯᠭ᠎ᠠ ᠪᠠᠭᠲᠠᠨ᠎ᠠ᠂ ᠲᠡᠷᠭᠡ ᠬᠥᠳᠡᠯᠬᠦ ᠠᠴᠠ ᠡᠮᠦᠨ᠎ᠡ ᠠᠶᠠᠨᠴᠢᠳ ᠲᠤ ᠠᠮᠤᠷ ᠲᠦᠪᠰᠢᠨ ᠢ ᠮᠡᠳᠡᠭᠳᠡᠬᠦ ᠪᠠ ᠠᠶᠤᠯᠭᠦᠢ ᠦᠢᠯᠡᠳᠪᠦᠷᠢᠯᠡᠯ ᠶᠢᠨ ᠠᠮᠠᠯᠳᠠᠭ᠎ᠠ ᠬᠢᠵᠦ᠂  ᠦᠨᠳᠦᠷ ᠬᠤᠷᠳᠤᠴᠠᠲᠦ ᠵᠠᠰᠠᠮᠠᠯ ᠵᠠᠮ ᠳᠤ ᠶᠠᠪᠤᠬᠤ᠂ ᠣᠨᠴᠠᠭᠠᠶ ᠵᠠᠮ ᠳᠡᠭᠡᠷ᠎ᠡ ᠶᠠᠪᠤᠬᠤ᠂ ᠰᠦᠷᠡᠬᠡᠶ ᠮᠠᠭᠤ ᠴᠠᠭ ᠠᠭᠤᠷ ᠤᠨ ᠨᠦᠬᠦᠴᠡᠯ ᠲᠤᠤᠷ᠎ᠠ ᠶᠠᠪᠤᠬᠤ᠂ ᠰᠥᠨᠢ ᠪᠠᠷ ᠶᠠᠪᠤᠬᠤ᠂ ᠥᠷᠲᠡᠭᠡᠨ ᠳᠤ ᠣᠷᠣᠵᠤ ᠭᠠᠷᠬᠤ ᠵᠡᠷᠭᠡ ᠪᠠᠶᠢᠳᠠᠯ ᠳᠤ ᠠᠩᠬᠠᠷᠬᠤ ᠵᠦᠢᠯ᠂ ᠪᠠᠴᠢᠮ ᠪᠠᠶᠢᠳᠠᠯ ᠢ  ᠠᠷᠭᠠᠴᠠᠭᠠᠨ ᠵᠢᠯᠣᠭᠤᠳᠬᠤ ᠶᠠᠪᠤᠴᠠ ᠵᠡᠷᠭᠡ ᠶᠢ ᠠᠶᠠᠨᠴᠢᠳ ᠲᠤ ᠶᠠᠷᠢᠵᠦ ᠦᠭᠬᠦ ᠬᠡᠷᠡᠭᠲᠡᠢ  ᠃      ᠬᠤᠷᠢᠨ ᠬᠤᠶᠠᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ  ᠲᠡᠷᠭᠡᠨ ᠮᠡᠷᠭᠡᠵᠢᠯ ᠤᠨ ᠲᠤᠬᠠᠢ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠶᠢᠨ ᠶᠡᠷᠦᠩᠬᠡᠶᠢᠯᠡᠭᠰᠡᠨ ᠴᠢᠨᠠᠷ ᠴᠢᠨᠰᠠᠭ᠎ᠠ ᠶᠢ ᠪᠠᠶᠢᠴᠠᠭᠠᠨ ᠬᠡᠮᠵᠢᠬᠦ ᠪᠠ ᠮᠡᠷᠭᠡᠵᠢᠯ ᠤᠨ ᠳᠡᠰ ᠰᠢᠯᠭᠠᠨ ᠲᠣᠭᠲᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂   ᠡᠵᠡᠩᠨᠡᠨ ᠠᠰᠢᠭᠯᠠᠯᠲᠠ ᠳᠤ ᠤᠷᠤᠭᠰᠠᠨ ᠲᠡᠷᠭᠡ ᠵᠠᠪᠠᠯ ᠠᠶᠤᠯᠭᠦᠢ ᠶᠢᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠠᠷᠪᠠ ᠠᠴᠠ ᠳᠡᠭᠡᠭᠰᠢ ︵ᠠᠷᠪᠠ ᠶᠢ ᠪᠠᠭᠲᠠᠨ᠎ᠠ︶  ᠡᠵᠡᠩᠨᠡᠯᠲᠡ ᠶᠢᠨ ᠲᠡᠷᠭᠡ 10 ᠠᠴᠠ ᠪᠠᠭ᠎ᠠ ᠪᠠᠶᠢᠬᠤ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ  ᠵᠠᠪᠠᠯ ᠲᠤᠰᠬᠠᠶ ᠲᠡᠷᠭᠡᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠦ᠂ ᠲᠤᠰᠬᠠᠶ ᠲᠡᠷᠭᠡᠨ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠳᠠᠨ ᠲᠣᠬᠢᠷᠠᠭᠤᠯᠬᠤ ᠬᠡᠷᠡᠭᠲᠡᠶ᠃ ᠠᠷᠪᠠ ᠠᠴᠠ ᠳᠤᠷᠤᠭᠰᠢ ᠡᠵᠡᠩᠨᠡᠯᠲᠡ ᠶᠢᠨ ᠲᠡᠷᠭᠡ ᠲᠠᠢ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠳ ᠲᠤᠰᠬᠠᠶ ᠲᠡᠷᠭᠡᠨ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠳᠠᠨ ᠲᠣᠬᠢᠷᠠᠭᠤᠯᠬᠤ ᠬᠡᠷᠡᠭᠲᠡᠶ᠃      ᠲᠡᠷᠭᠡ ᠶᠢᠨ ᠠᠶᠤᠯᠭᠦᠢ ᠶᠢᠨ ᠰᠢᠯᠭᠠᠨ ᠪᠠᠶᠢᠴᠠᠭᠠᠬᠤ ᠠᠵᠢᠯᠳᠠᠨ ᠡᠷᠬᠡᠪᠰᠢ ᠦᠪᠡᠷ ᠤᠨ ᠬᠢᠵᠦ ᠪᠠᠶᠢᠭ᠎ᠠ ᠠᠵᠢᠯ ᠤᠨ ᠪᠠᠶᠢᠷᠢ ᠳᠤ ᠵᠣᠬᠢᠴᠠᠬᠤ ᠲᠤᠰᠬᠠᠶ ᠮᠡᠷᠭᠡᠵᠢᠯ ᠤᠨ ᠮᠡᠳᠡᠯᠭᠡ ᠪᠠ ᠠᠵᠢᠯ ᠡᠷᠬᠢᠯᠡᠭᠰᠡᠨ ᠬᠢᠷᠢ ᠬᠡᠮ ᠲᠠᠢ ᠪᠠᠶᠢᠬᠤ ᠬᠡᠷᠡᠭᠲᠡᠢ᠂  ᠡᠰᠡᠪᠡᠰᠦ ᠠᠵᠢᠯ ᠤᠨ ᠪᠠᠶᠢᠷᠢ ᠳᠤ ᠭᠠᠷᠴᠤ ᠪᠣᠯᠬᠤ ᠦᠭᠡᠢ᠃      ᠬᠤᠷᠢᠨ ᠭᠤᠷᠪᠠᠳᠤᠭᠠᠷ ᠵᠦᠢᠯ  ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠶᠢᠨ ᠡᠵᠡᠩᠨᠡᠭᠴᠢᠳ ᠲᠡᠷᠭᠡ ᠶᠢᠨ ᠠᠶᠤᠯᠭᠦᠢ ᠶᠢᠨ ᠵᠤᠷᠰᠢᠮᠠᠯ ᠪᠠᠶᠢᠴᠠᠭᠠᠬᠤ ᠲᠦᠷᠢᠮ ᠢ ᠪᠠᠶᠢᠭᠤᠯᠤᠨ᠂ ︽ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠡᠵᠡᠩᠨᠡᠯᠲᠡ ᠶᠢᠨ ᠲᠡᠷᠭᠡ ᠶᠢᠨ ᠠᠮᠤᠷ ᠲᠦᠪᠰᠢᠨ ᠤ ᠵᠤᠷᠰᠢᠯ ᠪᠠᠶᠢᠴᠠᠭᠠᠯᠲᠠ ᠪᠠ ᠦᠷᠳᠡᠭᠡ ᠠᠴᠠ ᠭᠠᠷᠬᠤ ᠳᠤ ᠪᠠᠶᠢᠴᠠᠭᠠᠬᠤ ᠠᠵᠢᠯ ᠤᠨ ᠳᠦᠷᠢᠮᠵᠢᠯ︾ ᠤᠨ ᠱᠠᠭᠠᠷᠳᠠᠯᠭ᠎ᠠ ᠶᠤᠰᠤᠭᠠᠷ᠂ ᠲᠡᠭᠡᠭᠡᠪᠦᠷᠢ ᠡᠵᠡᠩᠨᠡᠵᠦ ᠪᠠᠶᠢᠭ᠎ᠠ ᠠᠶᠠᠨᠴᠢᠳ ᠤᠨ  ᠲᠡᠷᠭᠡᠨ ᠳᠤ ᠠᠮᠤᠷ ᠲᠦᠪᠰᠢᠨ ᠤ ᠵᠤᠷᠰᠢᠯ ᠪᠠᠶᠢᠴᠠᠭᠠᠯᠲᠠ ᠬᠢᠵᠦ᠂ ᠪᠠᠶᠢᠴᠠᠭᠠᠬᠤ ᠦᠭᠡᠢ ᠪᠤᠶᠤ  ᠪᠠᠶᠢᠴᠠᠭᠠᠯᠲᠠ ᠳᠤ  ᠭᠤᠭᠤᠵᠢᠭᠳᠠᠭᠰᠠᠨ ᠲᠡᠷᠭᠡ ᠥᠷᠲᠡᠭᠡᠨ ᠠᠴᠠ ᠭᠠᠷᠬᠤ ᠶᠢ ᠰᠡᠷᠭᠡᠶᠢᠯᠡᠨ᠎ᠡ᠄      ︵ᠨᠢᠭᠡ︶  ᠠᠮᠤᠷ ᠲᠦᠪᠰᠢᠨ ᠢ ᠵᠤᠷᠰᠢᠯ ᠶᠤᠰᠤᠭᠠᠷ ᠪᠠᠶᠢᠴᠠᠭᠠᠬᠤ ᠠᠵᠢᠯᠲᠠᠨ ᠢ ᠭᠦᠢᠴᠡᠳ  ᠲᠤᠬᠢᠷᠠᠭᠤᠯᠬᠤ ᠬᠡᠷᠡᠭᠲᠡᠶ᠃ ᠠᠮᠤᠷ ᠲᠦᠪᠰᠢᠨ ᠢ ᠪᠠᠶᠢᠴᠠᠭᠠᠬᠤ ᠠᠵᠢᠯᠲᠠᠨ ᠠᠶᠠᠨᠴᠢᠳ ᠤᠨ ᠲᠡᠷᠭᠡᠨ ᠤ ᠪᠦᠲᠦᠴᠡ᠂ ᠰᠢᠯᠭᠠᠨ ᠪᠠᠶᠢᠴᠠᠭᠠᠬᠤ ᠠᠷᠭ᠎ᠠ ᠪᠣᠯᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ  ᠶᠢ ᠲᠣᠳᠣᠷᠬᠠᠶ ᠣᠶᠢᠯᠠᠭᠠᠬᠤ ᠬᠡᠷᠡᠭᠲᠡᠶ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠶᠢᠨ ᠬᠢᠨᠠᠨ  ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ᠃      ︵ᠬᠤᠶᠠᠷ︶  ᠲᠤᠰᠬᠠᠶ ᠪᠠᠶᠢᠴᠠᠭᠠᠬᠤ  ᠲᠠᠯᠠᠪᠠᠢ ᠪᠠᠶᠢᠭᠤᠯᠵᠤ᠂ ᠮᠠᠰᠢᠨ ᠲᠡᠷᠭᠡᠨ ᠤ  ᠠᠶᠤᠯᠭᠦᠢ ᠶᠢ ᠰᠢᠯᠭᠠᠨ ᠪᠠᠶᠢᠴᠠᠭᠠᠬᠤ ᠲᠠᠪᠴᠠᠩ ᠵᠢᠴᠢ ᠴᠢᠬᠤᠯᠠ ᠪᠦᠬᠦᠢ ᠬᠡᠮᠵᠢᠭᠦᠷᠯᠢᠭ᠂ ᠪᠡᠯᠡᠳᠬᠡᠮᠵᠢ ᠶᠢ ᠲᠤᠬᠢᠷᠠᠭᠤᠯᠤᠨ᠎ᠠ᠃      ︵ᠭᠤᠷᠪᠠ︶  ᠲᠡᠷᠭᠡᠨ ᠳᠣᠲᠣᠷ᠎ᠠ ᠠᠶᠤᠯ ᠠᠴᠠ ᠰᠡᠷᠭᠡᠶᠢᠯᠡᠬᠦ ᠪᠦᠰᠡ᠂ ᠠᠮᠤᠷ ᠲᠦᠪᠰᠢᠨ ᠤ ᠠᠯᠤᠬ᠎ᠠ᠂ ᠭᠠᠯ ᠤᠨᠲᠠᠷᠭᠠᠭᠤᠷ᠂  ᠲᠡᠷᠭᠡᠨ ᠰᠠᠭᠠᠳ ᠤᠨ ᠰᠡᠷᠡᠮᠵᠢᠯᠡᠭᠦᠯᠬᠦ ᠲᠡᠮᠳᠡᠭ ᠢ ᠪᠦᠷᠢᠨ ᠭᠦᠢᠴᠡᠳ ᠪᠦᠲᠦᠮᠵᠢᠲᠡᠶ ᠲᠤᠬᠢᠷᠠᠭᠤᠯᠤᠭᠰᠠᠨ ᠡᠰᠡᠬᠦ ᠶᠢ ᠪᠠᠶᠢᠴᠠᠭᠠᠨ᠎ᠠ᠂  ᠠᠶᠤᠯᠭᠦᠢ ᠭᠠᠷᠴᠠ ᠰᠠᠭᠠᠳ ᠥᠭᠡᠢ ᠶᠢ ᠪᠠᠲᠤᠯᠠᠬᠤ ᠬᠡᠷᠡᠭᠲᠡᠶ᠂ ᠪᠠᠴᠢᠮ ᠪᠠᠶᠢᠳᠠᠯ ᠢ ᠠᠷᠭᠠᠴᠠᠬᠤ ᠡᠭᠦᠳᠡ᠂ ᠪᠠᠴᠢᠮ ᠪᠠᠶᠢᠳᠠᠯ ᠢ ᠠᠷᠭᠠᠴᠠᠬᠤ ᠤᠷᠤᠢ ᠶᠢᠨ ᠴᠤᠩᠬᠤ ᠶᠢᠨ ᠨᠡᠭᠡᠭᠡᠬᠦ ᠲᠥᠬᠦᠭᠡᠷᠦᠮᠵᠢ ᠶᠢᠨ ᠬᠡᠷᠡᠭᠯᠡᠵᠦ  ᠪᠤᠯᠬᠤᠶᠢᠴᠠ ᠪᠠᠶᠢᠬᠤ᠂ ᠨᠡᠭᠡᠭᠡᠬᠦ ᠳᠤ ᠰᠠᠭᠠᠳ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠲᠡᠷᠭᠡᠨ ᠤ ᠨᠣᠮᠧᠷ ᠂ ᠬᠢᠨᠠᠨ ᠲᠣᠭᠲᠠᠭᠠᠭᠰᠠᠨ ᠠᠶᠠᠨᠴᠢᠨ ᠲᠡᠭᠡᠭᠡᠪᠦᠷᠢᠯᠡᠬᠦ ᠬᠥᠮᠦᠨ ᠤ ᠲᠤᠭ᠎ᠠ ᠪᠠ ᠵᠠᠭᠠᠯᠳᠤᠨ ᠢᠯᠡᠴᠢᠯᠡᠨ ᠮᠡᠳᠡᠭᠦᠯᠬᠦ ᠳ᠋ᠢᠶᠠᠩᠬᠤᠸᠠ ᠶᠢ ᠢᠯᠡᠷᠬᠡᠶ ᠣᠷᠣᠨ ᠪᠠᠶᠢᠷᠢ ᠳᠤ  ᠲᠤᠳᠤᠷᠬᠠᠶᠢᠯᠠᠵᠤ᠂ ᠠᠶᠠᠨᠴᠢᠳ ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳᠤ ᠳᠥᠭᠦᠮ ᠦᠵᠡᠭᠦᠯᠦᠨ᠎ᠡ᠃      ︵ᠲᠦᠷᠪᠡ︶  ᠠᠶᠤᠯᠭᠦᠢ ᠶᠢᠨ ᠵᠤᠷᠰᠢᠮᠠᠯ ᠪᠠᠶᠢᠴᠠᠭᠠᠬᠤ ᠬᠦᠰᠦᠨᠦᠭᠲᠦ ᠶᠢ  ᠵᠠᠪᠠᠯ  ᠱᠠᠭᠠᠷᠳᠠᠯᠭ᠎ᠠ ᠶᠤᠰᠤᠭᠠᠷ ᠲᠠᠭᠯᠠᠨ ᠪᠢᠴᠢᠬᠦ ᠬᠡᠷᠡᠭᠲᠡᠶ᠃ ᠠᠶᠤᠯᠭᠦᠢ ᠶᠢ ᠪᠠᠶᠢᠴᠠᠭᠠᠬᠤ ᠠᠵᠢᠯᠳᠠᠨ ᠠᠴᠠ ᠱᠠᠭᠠᠷᠳᠠᠯᠭ᠎ᠠ ᠳᠤ  ᠨᠢᠴᠡᠭᠰᠡᠨ ᠠᠶᠠᠨᠴᠢᠳ ᠤᠨ ᠲᠡᠷᠭᠡᠨ ᠳᠤ ᠲᠡᠷᠭᠡ ᠬᠥᠰᠬᠡ ᠶᠢᠨ ᠠᠶᠤᠯᠭᠦᠢ ᠶᠢᠨ ᠵᠤᠷᠰᠢᠮᠠᠯ ᠪᠠᠶᠢᠴᠠᠭᠠᠬᠤ ᠬᠦᠰᠦᠨᠦᠭᠲᠦ ᠶᠢ  ᠲᠠᠭᠯᠠᠨ᠂ ᠲᠠᠮᠠᠭ᠎ᠠ ᠳᠠᠷᠤᠵᠤ᠂ ᠭᠠᠷ ᠤᠨ ᠦᠰᠦᠭ ᠵᠢᠷᠤᠭᠰᠠᠨ ᠤ ᠲᠠᠷᠠᠭ᠎ᠠ ︽ᠠᠮᠤᠷ ᠲᠦᠪᠰᠢᠨ ᠤ  ᠵᠤᠷᠰᠢᠮᠠᠯ ᠪᠠᠶᠢᠴᠠᠭᠠᠬᠤ ᠬᠢᠷᠢ ᠲᠡᠩᠴᠡᠭᠰᠡᠨ ᠮᠡᠳᠡᠭᠳᠡᠯ ᠤᠨ ᠬᠠᠭᠤᠳᠠᠰᠤ︾  ᠭᠠᠷᠭᠠᠨ ᠦᠭᠭᠦᠨ᠎ᠡ᠃ ︽ᠠᠮᠤᠷ ᠲᠦᠪᠰᠢᠨ ᠤ ᠵᠤᠷᠰᠢᠮᠠᠯ ᠪᠠᠶᠢᠴᠠᠭᠠᠬᠤ ᠬᠢᠷᠢ ᠲᠡᠩᠴᠡᠭᠰᠡᠨ ᠮᠡᠳᠡᠭᠳᠡᠯ ᠤᠨ ᠬᠠᠭᠤᠳᠠᠰᠤ︾ 24 ᠴᠠᠭ ᠤᠨ ᠳᠣᠲᠣᠷ᠎ᠠ ᠬᠦᠴᠦᠨ ᠲᠠᠢ᠃ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠶᠢᠨ ᠲᠣᠬᠢᠷᠠᠭᠤᠯᠬᠤ ᠰᠠᠯᠠᠭ᠎ᠠ ᠮᠥᠴᠢᠷ ᠠᠴᠠ ᠲᠡᠷᠭᠡ ᠲᠤᠬᠢᠷᠠᠭᠤᠯᠬᠤ ᠳᠠᠭᠠᠨ ᠲᠡᠭᠦᠨ ᠤ ︽ᠠᠮᠤᠷ ᠲᠦᠪᠰᠢᠨ ᠤ ᠵᠤᠷᠰᠢᠮᠠᠯ  ᠪᠠᠶᠢᠴᠠᠭᠠᠬᠤ ᠬᠢᠷᠢ ᠲᠡᠩᠴᠡᠭᠰᠡᠨ ᠮᠡᠳᠡᠭᠳᠡᠯ ᠤᠨ ᠬᠠᠭᠤᠳᠠᠰᠤ︾ ᠶᠢ ᠰᠢᠯᠭᠠᠨ ᠪᠠᠶᠢᠴᠠᠭᠠᠨ᠎ᠠ᠂ ᠪᠦᠷᠢᠨ  ᠭᠦᠢᠴᠡᠳ ᠮᠦᠷᠲᠡᠭᠡᠨ ᠬᠦᠴᠦᠨ ᠲᠠᠢ  ᠪᠠᠶᠢᠬᠤ ᠶᠢ ᠨᠤᠲᠠᠯᠠᠭᠰᠠᠨ ᠤ ᠳᠠᠷᠠᠭ᠎ᠠ ᠰᠠᠶ᠋ᠢ ᠵᠦᠪᠰᠢᠶᠡᠷᠡᠯ ᠦᠭᠭᠦᠨ᠎ᠡ᠃      ᠬᠤᠷᠢᠨ ᠳᠥᠷᠪᠡᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠥᠪᠡᠷ ᠲᠡᠭᠡᠨ ᠪᠡᠯᠡᠳᠬᠡᠭᠰᠡᠨ ᠪᠤᠶᠤ ᠲᠦᠷᠢᠶᠡᠰᠦᠯᠡᠭᠰᠡᠨ ᠲᠡᠷᠭᠡ ᠵᠤᠭᠰᠤᠭᠠᠬᠤ ᠭᠠᠵᠠᠷ   ᠲᠠᠢ ᠪᠠᠶᠢᠵᠤ᠂ ᠵᠣᠭᠰᠣᠭᠠᠭᠰᠠᠨ ᠡᠵᠡᠩᠨᠡᠯᠲᠡ ᠶᠢᠨ ᠲᠡᠷᠭᠡ ᠶᠢ ᠨᠢᠭᠡᠳᠦᠯᠲᠡᠶ ᠬᠠᠮᠢᠶᠠᠷᠤᠨ᠎ᠠ᠃ ᠡᠵᠡᠩᠨᠡᠯᠲᠡ ᠶᠢᠨ  ᠲᠡᠷᠭᠡᠨ ᠳᠤ ᠮᠡᠷᠭᠡᠵᠢᠯ ᠤᠨ ᠲᠡᠩᠰᠡ ᠡᠪᠬᠡᠮᠡᠯ ᠪᠠᠶᠢᠭᠤᠯᠵᠤ᠂ ᠲᠡᠷᠭᠡ ᠬᠠᠮᠠᠭᠠᠯᠠᠬᠤ ᠲᠥᠷᠢᠮ ᠢ ᠪᠠᠶᠢᠭᠤᠯᠤᠨ᠎ᠠ᠂ ᠨᠢᠭᠡ ᠲᠡᠷᠭᠡᠨ ᠳᠤ ᠨᠢᠭᠡ ᠲᠠᠩᠰᠠ ᠡᠪᠬᠡᠮᠡᠯ  ᠬᠢᠵᠦ᠂ ᠠᠭᠤᠯᠭ᠎ᠠ ᠳᠤ ᠲᠡᠷᠭᠡ ᠶᠢᠨ ᠦᠨᠳᠦᠰᠦᠨ ᠪᠠᠶᠢᠳᠠᠯ᠂ ᠭᠤᠣᠯ ᠲᠣᠨᠣᠭᠯᠠᠯ ᠰᠤᠯᠢᠭᠰᠠᠨ ᠪᠠᠶᠢᠳᠠᠯ᠂ ᠰᠡᠯᠪᠢᠨ  ᠵᠠᠰᠠᠭᠰᠠᠨ ᠪᠠ ᠬᠤᠶᠠᠳᠤᠭᠠᠷ ᠳᠡᠰ ᠤᠨ ᠬᠠᠮᠠᠭᠠᠯᠠᠭᠰᠠᠨ ᠲᠡᠮᠳᠡᠭᠯᠡᠯ᠂ ᠮᠡᠷᠭᠡᠵᠢᠯ ᠤᠨ ᠵᠡᠷᠭᠡ ᠳᠡᠰ ᠢ ᠦᠨᠡᠯᠡᠨ ᠲᠣᠭᠲᠠᠭᠠᠭᠰᠠᠨ ᠮᠡᠳᠡᠭᠦᠯᠦᠯᠲᠡ᠂ ᠲᠡᠷᠭᠡ ᠬᠤᠪᠢᠷᠬᠠᠰᠠᠨ ᠲᠡᠮᠳᠡᠭᠯᠡᠯ᠂ ᠶᠠᠪᠤᠭᠰᠠᠨ ᠵᠠᠮ ᠤᠨ ᠲᠡᠮᠳᠡᠭᠯᠡᠯ᠂ ᠵᠠᠮ ᠬᠠᠷᠢᠯᠴᠠᠭᠠᠨ ᠤ ᠠᠳᠡᠭᠳᠡᠯ ᠤᠨ ᠲᠡᠮᠳᠡᠭᠯᠡᠯ᠂ ᠲᠡᠷᠭᠡ ᠶᠢᠨ ᠬᠢᠨᠠᠨ ᠪᠠᠶᠢᠴᠠᠭᠠᠭᠰᠠᠨ ᠲᠡᠮᠳᠡᠭᠯᠡᠯ ᠵᠡᠷᠭᠡ ᠪᠠᠭᠲᠠᠨ᠎ᠠ᠃      ᠬᠤᠷᠢᠨ ᠲᠠᠪᠤᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠶᠢᠨ ᠶᠠᠩᠵᠤ ᠬᠡᠯᠪᠡᠷᠢ ᠶᠢ ᠥᠭᠡᠷᠡᠴᠢᠯᠡᠬᠦ ᠪᠠ ᠬᠡᠷᠡᠭᠴᠡᠭᠡ ᠠᠴᠠ ᠭᠠᠷᠭᠠᠬᠤ ᠳᠤ ᠤᠯᠤᠰ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠂ ᠤᠯᠤᠰ ᠠᠴᠠ ᠲᠣᠭᠲᠠᠭᠠᠭᠰᠠᠨ ᠬᠡᠷᠡᠭᠯᠡᠭᠡᠨ ᠠᠴᠠ ᠭᠠᠷᠬᠤ ᠪᠠᠷᠢᠮᠵᠢᠶ᠎ᠠ ᠬᠦᠷᠦᠭᠰᠡᠨ ᠲᠡᠷᠭᠡ ᠪᠤᠶᠤ ᠪᠠᠶᠢᠴᠠᠭᠠᠨ ᠰᠢᠯᠭᠠᠭᠠᠳ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠱᠠᠭᠠᠷᠳᠠᠯᠭ᠎ᠠ ᠳᠤ ᠨᠡᠶᠢᠴᠡᠬᠦ ᠦᠭᠡᠢ ᠲᠡᠷᠭᠡ ᠶᠢ ᠠᠶᠠᠨᠴᠢᠳ ᠤᠨ ᠲᠡᠭᠡᠭᠡᠪᠤᠷᠢ ᠶᠢᠨ ᠡᠵᠡᠩᠨᠡᠯᠲᠡ ᠳᠤ ᠦᠷᠭᠦᠯᠵᠢᠯᠡᠨ ᠬᠡᠷᠡᠭᠯᠡᠵᠦ  ᠪᠣᠯᠬᠤ ᠦᠭᠡᠢ᠃ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠲᠡᠷᠭᠡ ᠶᠢᠨ ᠬᠡᠷᠡᠭᠯᠡᠭᠡᠨ ᠠᠴᠠ  ᠭᠠᠷᠬᠤ ᠬᠤᠭᠤᠴᠠᠭ᠎ᠠ ᠳᠦᠭᠦᠷᠬᠦ ᠠᠴᠠ ᠡᠮᠦᠨ᠎ᠡ᠂ ᠮᠠᠰᠢᠨ ᠲᠡᠷᠭᠡ ᠬᠤᠷᠢᠶᠠᠵᠤ ᠠᠪᠬᠤ ᠠᠵᠤ ᠠᠬᠤᠶᠢᠯᠠᠯ ᠳᠤ ᠦᠭᠬᠦ ᠮᠦᠷᠲᠡᠭᠡᠨ ᠴᠠᠭ  ᠳᠠᠷᠤᠢ ᠳᠤᠨᠢ ᠳᠠᠩᠰᠠᠨ ᠠᠴᠠ ᠬᠠᠰᠤᠵᠤ᠂ ᠲᠡᠷᠭᠡ ᠶᠢ ᠬᠡᠷᠡᠭᠯᠡᠭᠡᠨ ᠠᠴᠠ ᠭᠠᠷᠭᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠠᠳᠠᠭ ᠲᠠᠭᠠᠨ 2 ᠵᠢᠯ ᠬᠠᠳᠠᠭᠠᠯᠠᠬᠤ ᠬᠡᠷᠡᠭᠲᠡᠶ᠃      ᠬᠤᠷᠢᠨ ᠵᠢᠷᠭᠤᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠡᠵᠡᠩᠨᠡᠯᠲᠡ ᠶᠢᠨ ᠵᠠᠮ ᠰᠤᠭᠤᠮ ᠢ ᠭᠤᠶᠤᠴᠢᠯᠠᠬᠤ ᠦᠶ᠎ᠡ ᠳᠤ ᠵᠠᠮ ᠱᠤᠭᠤᠮ ᠶᠢ ᠤᠷᠢᠳᠴᠢᠯᠠᠨ ᠰᠢᠨᠵᠢᠯᠡᠵᠦ᠂ ᠵᠥᠪᠰᠢᠶᠡᠷᠡᠭᠦᠯᠬᠦ ᠱᠠᠭᠠᠷᠳᠠᠯᠭ᠎ᠠ ᠶᠣᠰᠣᠭᠠᠷ ᠡᠵᠡᠩᠨᠡᠯᠲᠡ ᠶᠢᠨ ᠲᠡᠷᠭᠡ ᠶᠢ ᠲᠤᠬᠢᠷᠠᠭᠤᠯᠬᠤ  ᠪᠥᠭᠡᠳ ᠠᠶᠤᠯᠭᠦᠢ ᠠᠶᠠᠯᠠᠬᠤ ᠲᠥᠯᠥᠪᠯᠡᠭᠡ ᠶᠢᠨ ᠪᠢᠴᠢᠭ ᠢ ᠲᠤᠭᠲᠠᠭᠠᠨ᠂ ᠠᠭᠤᠯᠭ᠎ᠠ ᠳᠤ ᠵᠠᠮ ᠱᠤᠭᠤᠮ ᠲᠠᠬᠢ ᠵᠠᠮ ᠤᠨ ᠪᠠᠶᠢᠳᠠᠯ᠂  ᠬᠤᠷᠳᠤᠴᠠ ᠶᠢᠨ ᠬᠢᠵᠠᠭᠠᠷ᠂ ᠠᠭᠤᠷ ᠠᠮᠢᠰᠬᠤᠯ ᠤᠨ ᠨᠥᠬᠦᠴᠡᠯ᠂ ᠵᠠᠮ ᠳᠠᠭᠠᠤ ᠶᠢᠨ ᠳᠠᠯᠳᠠ ᠭᠡᠮ ᠲᠠᠢ ᠬᠡᠰᠡᠭ ᠵᠡᠷᠭᠡ ᠮᠡᠳᠡᠭᠡ ᠪᠠᠭᠲᠠᠬᠤ ᠮᠦᠷᠲᠡᠭᠡᠨ ᠮᠡᠳᠡᠭᠡ ᠪᠠᠨ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠳᠤ ᠬᠠᠩᠭᠠᠨ ᠦᠭᠭᠦᠨ᠎ᠡ᠃      ᠬᠤᠷᠢᠨ ᠳᠣᠯᠣᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠲᠡᠭᠡᠭᠡᠪᠦᠷᠢ ᠶᠢᠨ ᠡᠵᠡᠩᠨᠡᠯᠲᠡ ᠶᠢᠨ ᠦᠢᠯᠡ ᠠᠵᠢᠯᠯᠠᠭ᠎ᠠ ᠪᠠᠨ ᠵᠢᠷᠤᠮᠵᠢᠭᠤᠯᠬᠤ ᠬᠡᠷᠡᠭᠲᠡᠶ᠃ ᠵᠠᠮ ᠱᠤᠭᠤᠮ ᠳᠠᠬᠢ ᠠᠶᠠᠨᠴᠢᠳ ᠤᠨ ᠲᠡᠷᠭᠡ ᠨᠢ ᠡᠷᠡᠰ ᠴᠢᠩᠭ᠎ᠠ  ᠵᠦᠪᠰᠢᠶᠡᠷᠡᠭᠰᠡᠨ ᠵᠠᠮ ᠱᠤᠭᠤᠮ᠂ ᠤᠳᠠᠭ᠎ᠠ᠂  ᠦᠷᠲᠡᠭᠡᠨ ᠳᠤ ᠠᠵᠢᠯᠯᠠᠬᠤ ᠶᠢ ᠴᠢᠩᠭ᠎ᠠ  ᠵᠢᠷᠦᠮᠯᠡᠵᠦ᠂ ᠲᠣᠭᠲᠠᠭᠰᠠᠨ ᠦᠷᠲᠡᠭᠡᠨ ᠳᠤ ᠠᠶᠠᠨᠴᠢᠳ ᠢ  ᠪᠠᠭᠤᠯᠭᠠᠵᠤ  ᠰᠠᠭᠤᠯᠭᠠᠨ᠂ ᠦᠷᠲᠡᠭᠡᠨ ᠠᠴᠠ ᠪᠤᠰᠤᠳ ᠭᠠᠵᠠᠷ ᠲᠤᠷ᠎ᠠ ᠪᠠᠷ ᠠᠶᠠᠨᠴᠢᠳ ᠢ ᠲᠡᠷᠭᠡᠨ ᠳᠤ ᠭᠠᠷᠭᠠᠬᠤ ᠪᠤᠶᠤ ᠵᠣᠴᠢᠨ ᠲᠠᠲᠠᠵᠦ ᠪᠣᠯᠬᠤ ᠦᠭᠡᠢ᠂  ᠲᠤᠭᠲᠠᠭᠰᠠᠨ ᠬᠥᠮᠦᠨ ᠤ ᠲᠤᠭ᠎ᠠ ᠠᠴᠠ ᠬᠡᠳᠦᠷᠡᠭᠦᠯᠦᠨ ᠲᠡᠭᠡᠭᠡᠪᠦᠷᠢᠯᠡᠵᠦ ᠪᠣᠯᠬᠤ ᠦᠭᠡᠢ ᠂ ᠬᠠᠤᠯᠢ ᠪᠤᠰᠤ  ᠪᠤᠶᠤ ᠵᠥᠪᠰᠢᠶᠡᠷᠡᠭᠦᠯᠦᠭᠰᠡᠨ ᠦᠬᠡᠢ ᠪᠠᠷ ᠳᠤᠷ᠎ᠠ ᠪᠠᠷ ᠢᠶᠠᠨ ᠠᠶᠠᠨᠴᠢᠳ ᠤᠨ ᠲᠡᠭᠡᠭᠡᠪᠦᠷᠢ ᠡᠵᠡᠩᠨᠡᠵᠦ ᠪᠤᠯᠬᠤ ᠦᠭᠡᠢ᠃ ᠵᠢᠯᠣᠭᠤᠴᠢ ᠪᠠ ᠦᠢᠯᠡᠴᠢᠯᠡᠭᠴᠢ ᠠᠶᠤᠯᠭᠦᠢ ᠤᠬᠠᠭᠤᠯᠭ᠎ᠠ ᠵᠢᠨ‌ᠠᠵᠢᠯ ᠢ ᠰᠠᠶᠢᠲᠤᠷ ᠬᠢᠬᠦ ᠶᠢ ᠬᠠᠷᠢᠭᠤᠴᠠᠨ᠂ ᠲᠡᠷᠭᠡ ᠬᠥᠳᠡᠯᠬᠦ ᠠᠴᠠ ᠡᠮᠦᠨ᠎ᠡ᠂  ᠶᠠᠪᠤᠵᠤ ᠪᠠᠶᠢᠭ᠎ᠠ ᠦᠶ᠎ᠡ ᠳᠤ ᠠᠶᠠᠨᠴᠢᠳ ᠠᠶᠤᠯᠭᠦᠶ ᠪᠦᠰᠡ ᠪᠠᠨ  ᠪᠦᠰᠡᠯᠡᠬᠦ ᠶᠢ  ᠱᠠᠭᠠᠷᠳᠠᠭᠰᠠᠨ ᠪᠠᠶᠢᠬᠤ ᠬᠡᠷᠡᠭᠲᠡᠶ᠃      ᠠᠶᠠᠨᠴᠢᠳ ᠤᠨ ᠲᠡᠷᠭᠡ ᠬᠦᠯᠦᠰᠦᠯᠡᠬᠦ ᠠᠵᠤ ᠠᠬᠤᠶᠢᠯᠠᠯ ︽ᠬᠥᠬᠡᠬᠤᠲᠠ ᠶᠢᠨ ᠵᠢᠭᠤᠯᠴᠢᠯᠠᠯ ᠤᠨ ᠲᠡᠷᠭᠡ ᠬᠦᠯᠦᠰᠦᠯᠡᠬᠦ ᠬᠠᠮᠢᠶᠠᠷᠤᠯᠲᠠ ᠶᠢᠨ ᠮᠡᠳᠡᠭᠡ ᠵᠠᠩᠬᠢ ᠶᠢᠨ ᠰᠢᠰᠲ᠋ᠧᠮ︾ ᠤᠨ ᠠᠵᠢᠯᠯᠠᠭ᠎ᠠ ᠶᠢᠨ ᠲᠦᠷᠢᠮᠵᠢᠯᠡᠯ ᠢᠶᠠᠷ ᠲᠡᠷᠭᠡ ᠬᠦᠯᠦᠰᠦᠯᠡᠵᠦ ᠳᠠᠩᠰᠠᠯᠠᠭᠤᠯᠬᠤ ᠭᠤᠶᠤᠴᠢᠯᠠᠯ  ᠭᠠᠷᠭᠠᠵᠤ᠂ ᠲᠡᠷᠭᠡᠨ ᠮᠡᠷᠭᠡᠵᠢᠯ ᠲᠡᠭᠡᠭᠡᠪᠦᠷᠢ ᠶᠢᠨ ᠠᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠪᠠ ᠵᠢᠯᠣᠭᠤᠴᠢ ᠶᠢᠨ ᠬᠢᠷᠢ  ᠬᠡᠮ ᠨᠦᠬᠦᠴᠡᠯ ᠳᠤ ᠨᠡᠶᠢᠴᠡᠬᠦ ᠡᠰᠡᠬᠦ  ᠶᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠢ᠃ ᠲᠡᠷᠭᠡ ᠭᠠᠷᠬᠤ ᠪᠤᠯᠭᠠᠨ ᠠᠮᠤᠷ ᠲᠦᠪᠰᠢᠨ ᠢ ᠵᠤᠷᠰᠢᠯ  ᠶᠤᠰᠤᠭᠠᠷ ᠪᠠᠶᠢᠴᠠᠭᠠᠬᠤ  ᠢ ᠬᠡᠷᠡᠭᠵᠢᠬᠦᠯᠬᠦ ᠪᠠ ᠲᠡᠷᠭᠡ ᠬᠦᠯᠦᠰᠦᠯᠡᠬᠦ ᠫᠠᠶᠢᠰᠠ ᠶᠢ ᠰᠦᠯᠵᠢᠶᠡᠨ ᠠᠴᠠ ᠭᠤᠶᠤᠴᠢᠯᠠᠨ ᠠᠪᠬᠤ ᠳᠦᠷᠢᠮ ᠢ ᠬᠡᠷᠡᠭᠵᠢᠬᠦᠯᠦᠨ᠎ᠡ᠃ ᠵᠢᠯᠤᠭᠤᠴᠢ ᠲᠡᠭᠡᠭᠡᠪᠦᠷᠢ ᠶᠢᠨ ᠲᠡᠮᠳᠡᠭ ᠫᠠᠶᠢᠰᠠ ᠪᠠᠨ ᠠᠪᠴᠦ᠂ ᠪᠣᠯᠵᠣᠨ ᠲᠣᠭᠲᠠᠭᠰᠠᠨ ᠴᠠᠭ ᠬᠤᠭᠤᠴᠠᠭ᠎ᠠ ᠶᠣᠰᠣᠭᠠᠷ᠂ ᠡᠬᠢᠯᠡᠯᠲᠡ ᠶᠢᠨ ᠭᠠᠵᠠᠷ᠂ ᠬᠦᠷᠬᠦ ᠭᠠᠵᠠᠷ ᠪᠠ ᠵᠠᠮ ᠰᠤᠭᠤᠮ ᠢᠶᠠᠷ ᠲᠡᠭᠡᠭᠡᠪᠦᠷᠢᠯᠡᠨ᠎ᠡ᠂ ᠭᠡᠬᠦ ᠳᠤ ᠪᠠᠨ ᠲᠡᠷᠭᠡ ᠳᠠᠭᠠᠭᠠᠴᠢᠯᠠᠬᠤ ᠭᠡᠷ᠎ᠡ ᠳᠤ ᠲᠣᠭᠲᠠᠭᠠᠭᠰᠠᠨ ᠠᠴᠠ ᠪᠤᠰᠤᠳ ᠠᠶᠠᠨᠴᠢᠳ ᠢ ᠲᠡᠭᠡᠭᠡᠪᠦᠷᠢᠯᠡᠵᠦ ᠪᠣᠯᠬᠤ ᠤᠢᠭᠡᠢ᠂ ᠳᠠᠯᠳᠠᠭᠤᠷ ᠭᠠᠳᠠᠭᠰᠢ ᠭᠠᠷᠴᠤ ᠲᠡᠷᠭᠡ ᠬᠦᠯᠦᠰᠦᠯᠡᠬᠦ ᠠᠵᠢᠯ ᠬᠢᠵᠦ ᠪᠣᠯᠬᠤ ᠦᠭᠡᠢ᠃ ᠵᠢᠯᠣᠭᠤᠴᠢ ᠪᠠ ᠦᠢᠯᠡᠴᠢᠯᠡᠭᠴᠢ ᠠᠶᠠᠨᠴᠢᠳ ᠤᠨ ᠠᠪᠴᠤ ᠶᠠᠪᠤᠭ᠎ᠠ ᠡᠳ᠋ ᠪᠣᠳᠠᠰ ᠲᠤ ᠪᠠᠶᠢᠴᠠᠭᠠᠯᠲᠠ ᠬᠢᠬᠦ ᠬᠡᠷᠡᠭᠲᠡᠶ᠃      ᠭᠤᠷᠪᠠᠳᠤᠭᠠᠷ ᠪᠦᠯᠦᠭ  ᠬᠥᠳᠡᠯᠦᠩᠭᠦᠶ ᠬᠢᠨᠠᠨ ᠡᠵᠡᠮᠳᠡᠬᠦ ᠬᠠᠮᠢᠶᠠᠷᠤᠯᠲᠠ      ᠬᠤᠷᠢᠨ‌ᠨᠠᠢᠮᠠᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠲᠠᠢ ᠥᠷᠲᠡᠭᠡᠨ ᠳᠤ ᠣᠷᠣᠬᠤ ᠬᠡᠯᠡᠯᠴᠡᠭᠡᠷ  ᠲᠤᠭᠲᠠᠵᠤ᠂ ᠬᠤᠶᠠᠷ ᠡᠲᠡᠭᠡᠳ ᠤᠨ ᠠᠮᠤᠷ ᠲᠦᠪᠰᠢᠨ ᠤ ᠬᠠᠷᠢᠭᠤᠴᠠᠯᠭ᠎ᠠ ᠪᠠᠨ ᠲᠤᠳᠦ  ᠪᠤᠯᠭᠠᠨ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠶᠢᠨ ᠠᠶᠤᠯᠭᠦᠶ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃      ᠬᠤᠷᠢ ᠶᠢᠰᠦᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠡᠵᠡᠩᠨᠡᠯᠲᠡ ᠶᠢᠨ ᠲᠡᠷᠭᠡᠨ ᠳᠤ ᠪᠠᠷᠢᠮᠵᠢᠶ᠎ᠠ ᠳᠤ ᠨᠡᠶᠢᠴᠡᠭᠰᠡᠨ ᠳᠠᠭᠠᠭᠤᠯᠢ ᠤᠳᠤᠨ ᠤ ᠣᠷᠣᠨ ᠪᠠᠶᠢᠷᠢ ᠲᠣᠭᠲᠠᠭᠠᠬᠤ ᠲᠣᠨᠣᠭᠯᠠᠯ ︵ᠬᠡᠪᠲᠡᠬᠦ ᠣᠷᠣ ᠲᠠᠢ ᠠᠶᠠᠨᠴᠢᠳ ᠤᠨ ᠲᠡᠷᠭᠡᠨ ᠳᠤ ᠪᠠᠷᠢᠮᠵᠢᠶ᠎ᠠ ᠳᠤ ᠨᠡᠶᠢᠴᠡᠭᠰᠡᠨ ᠪᠥᠭᠡᠳ ᠬᠠᠷᠠᠭᠠᠨ ᠳᠠᠪᠲᠠᠮᠵᠢ ᠶᠢᠨ ᠦᠢᠯᠡᠳᠦᠯ ᠲᠠᠢ ᠳᠠᠭᠠᠭᠤᠯᠢ ᠤᠳᠤᠨ ᠣᠷᠣᠨ ᠪᠠᠶᠢᠷᠢ ᠲᠣᠭᠲᠠᠭᠠᠬᠤ ᠲᠣᠨᠣᠭᠯᠠᠯ︶ ᠤᠭᠰᠠᠷᠠᠵᠤ᠂ ᠪᠠᠷᠢᠮᠵᠢᠶ᠎ᠠ ᠳᠤ ᠨᠡᠶᠢᠴᠡᠭᠰᠡᠨ ᠠᠵᠤ ᠠᠬᠤᠶᠢᠯᠠᠯ ᠤᠨ ᠬᠢᠨᠠᠨ ᠡᠵᠡᠮᠰᠢᠯ ᠲᠠᠪᠴᠠᠩ ᠪᠤᠶᠤ ᠬᠢᠨᠠᠨ ᠡᠵᠡᠮᠳᠡᠬᠦ ᠦᠵᠤᠭᠦᠷ ᠲᠤ ᠵᠠᠯᠭᠠᠵᠦ᠂ ᠪᠦᠬᠦ ᠤᠯᠤᠰ ᠤᠨ ᠭᠤᠣᠯᠳᠠᠯᠭ᠎ᠠ ᠲᠠᠢ  ᠡᠵᠡᠩᠨᠡᠯᠲᠡ ᠶᠢᠨ ᠲᠡᠷᠭᠡ ᠶᠢᠨ ᠬᠠᠮᠲᠤᠷᠠᠨ ᠡᠵᠡᠮᠳᠡᠬᠦ ᠰᠢᠰᠲ᠋ᠧᠮ ᠳᠤ ᠪᠦᠲᠦᠮᠵᠢᠲᠡᠢ ᠵᠠᠯᠭᠠᠨ᠎ᠡ᠃      ᠭᠤᠴᠢᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ  ᠳᠠᠭᠠᠭᠤᠯᠢ ᠤᠳᠤᠨ ᠣᠷᠣᠨ ᠪᠠᠶᠢᠷᠢ ᠲᠣᠭᠲᠠᠭᠠᠬᠤ ᠲᠣᠨᠣᠭᠯᠠᠯ ᠵᠢᠴᠢ ᠬᠢᠨᠠᠨ ᠡᠵᠡᠮᠳᠡᠬᠦ ᠲᠠᠪᠴᠠᠩ ᠢ ᠪᠠᠶᠢᠭᠤᠯᠵᠤ᠂ ᠤᠭᠰᠠᠷᠠᠨ ᠲᠣᠨᠣᠭᠯᠠᠬᠤ᠂ ᠬᠡᠷᠡᠭᠯᠡᠵᠦ ᠬᠠᠮᠢᠶᠠᠷᠠᠬᠤ ᠳᠦᠷᠢᠮ ᠢ  ᠲᠤᠭᠲᠠᠭᠠᠨ᠂ ᠬᠥᠳᠡᠯᠦᠩᠭᠦᠶ ᠬᠢᠨᠠᠨ ᠡᠵᠡᠮᠳᠡᠬᠦ ᠠᠵᠢᠯᠯᠠᠬᠤ ᠲᠠᠪᠴᠠᠩ ᠪᠠᠶᠢᠭᠤᠯᠵᠤ᠂ ᠳᠠᠭᠠᠭᠤᠯᠢ ᠤᠳᠤᠨ ᠣᠷᠣᠨ ᠪᠠᠶᠢᠷᠢ ᠲᠣᠭᠲᠠᠭᠠᠬᠤ ᠲᠣᠨᠣᠭᠯᠠᠯ ᠵᠢᠴᠢ ᠬᠢᠨᠠᠨ ᠡᠵᠡᠮᠳᠡᠬᠦ ᠲᠠᠪᠴᠠᠩ ᠢ ᠪᠠᠶᠢᠭᠤᠯᠵᠤ᠂ ᠤᠭᠰᠠᠷᠠᠨ ᠲᠣᠨᠣᠭᠯᠠᠬᠤ᠂  ᠬᠠᠮᠢᠶᠠᠷᠬᠤ᠂ ᠠᠵᠢᠯᠯᠠᠬᠤ  ᠶᠢ ᠳᠦᠷᠢᠮᠵᠢᠭᠦᠯᠵᠦ᠂ ᠬᠢᠨᠠᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ  ᠬᠡᠷᠡᠭᠲᠡᠢ᠃      ᠭᠤᠴᠢᠨ ᠨᠢᠭᠡᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠲᠤᠰᠬᠠᠶ ᠲᠤᠰᠢᠶᠠᠯ ᠤᠨ ᠠᠵᠢᠯᠳᠠᠨ ᠲᠤᠬᠢᠷᠠᠭᠤᠯᠵᠤ ᠲᠡᠷᠭᠡᠨ ᠤ  ᠶᠠᠪᠤᠵᠦ ᠪᠠᠶᠢᠭ᠎ᠠ ᠶᠢ ᠬᠥᠳᠡᠯᠦᠩᠭᠦᠶ ᠬᠢᠨᠠᠨ ᠡᠵᠡᠮᠳᠡᠵᠦ  ᠂ ᠬᠥᠳᠡᠯᠦᠯ ᠪᠠᠶᠢᠳᠠᠯ ᠢ ᠵᠠᠳᠠᠯᠤᠨ ᠲᠡᠮᠲᠡᠭᠯᠡᠵᠦ᠂ ᠲᠣᠭᠲᠠᠭᠠᠯ ᠠᠴᠠ ᠵᠥᠷᠢᠴᠡᠭᠰᠡᠨ ᠤᠢᠢᠯᠠ ᠠᠵᠢᠯᠯᠠᠭ᠎ᠠ ᠶᠢ ᠴᠠᠭ  ᠳᠠᠷᠤᠢ ᠳᠤᠨᠢ ᠰᠠᠨᠠᠭᠤᠯᠤᠨ ᠰᠡᠷᠡᠮᠵᠢᠯᠡᠬᠦᠯᠬᠦ ᠬᠡᠷᠡᠭᠲᠡᠢ᠃ ᠬᠠᠤᠯᠢ ᠶᠢ ᠵᠥᠷᠢᠴᠡᠵᠦ  ᠵᠢᠯᠤᠭᠤᠳᠤᠭᠰᠠᠨ ᠪᠠᠶᠢᠳᠠᠯ ᠵᠢᠴᠢ ᠰᠢᠢᠳᠪᠦᠷᠢᠯᠡᠭᠰᠡᠨ ᠪᠠᠶᠢᠳᠠᠯ ᠢ ᠲᠡᠩᠰᠡᠨ ᠳᠤ ᠦᠯᠡᠳᠡᠭᠡᠨ ᠬᠠᠳᠠᠭᠠᠯᠠᠬᠤ ᠬᠡᠷᠡᠭᠲᠡᠶ᠂ ᠡᠭᠦᠨ ᠤ ᠳᠣᠲᠣᠷ᠎ᠠ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠨᠠᠭᠠᠳᠤ ᠵᠠᠬ᠎ᠠ ᠨᠢ ᠵᠢᠷᠭᠤᠭᠠᠨ ᠰᠠᠷ᠎ᠠ᠂ ᠬᠠᠤᠯᠢ ᠶᠢ ᠵᠥᠷᠢᠴᠡᠵᠦ  ᠵᠢᠯᠤᠭᠤᠳᠤᠭᠰᠠᠨ ᠪᠠᠶᠢᠳᠠᠯ ᠵᠢᠴᠢ ᠰᠢᠢᠳᠪᠦᠷᠢᠯᠡᠭᠰᠡᠨ ᠪᠠᠶᠢᠳᠠᠯ ᠢ ᠨᠠᠭᠠᠳᠤ ᠵᠠᠬ᠎ᠠ ᠨᠢ ᠭᠤᠷᠪᠠᠨ ᠵᠢᠯ ᠬᠠᠳᠠᠭᠠᠯᠠᠬᠤ ᠬᠡᠷᠡᠭᠲᠡᠶ᠃      ᠭᠤᠴᠢᠨ ᠬᠤᠶᠠᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠵᠠᠮ ᠨᠡᠪᠲᠡᠷᠡᠯᠭᠡ ᠶᠢᠨ ᠬᠠᠮᠤᠭ ᠶᠡᠭᠡ ᠬᠤᠷᠳᠤᠴᠠ ᠶᠢ ᠲᠤᠭᠲᠠᠭᠠᠵᠤ ᠂ ᠵᠠᠮ ᠤᠨ ᠪᠣᠳᠠᠲᠤ ᠪᠠᠶᠢᠳᠠᠯ ᠢ ᠦᠨᠳᠦᠰᠦᠯᠡᠨ  ᠲᠤᠭᠲᠠᠭᠠᠨᠰᠠᠨ ᠬᠠᠮᠤᠭ ᠶᠡᠭᠡ ᠬᠤᠷᠳᠤᠴᠠ᠂ ᠶᠠᠳᠠᠷᠠᠭᠤ ᠪᠠᠷ ᠵᠢᠯᠣᠭᠤᠳᠬᠤ ᠬᠢᠵᠠᠭᠠᠷ ᠬᠡᠮᠵᠢᠭᠳᠡᠯ ᠢ ᠲᠤᠭᠲᠠᠭᠠᠵᠤ  ᠂ ᠬᠡᠪ ᠤᠨ ᠪᠤᠰᠤ ᠲᠡᠷᠭᠡ ᠪᠠᠨ ᠵᠤᠭᠰᠤᠭᠠᠭᠰᠠᠨ᠂  ᠬᠡᠳᠦ ᠲᠦᠷᠭᠡᠨ ᠵᠢᠯᠣᠭᠤᠳᠤᠭᠰᠠᠨ᠂ ᠶᠠᠳᠠᠷᠠᠭᠤ ᠪᠠᠷ  ᠵᠢᠯᠤᠭᠤᠳᠤᠭᠰᠠᠨ᠂ ᠰᠥᠷᠴᠦ  ᠶᠠᠪᠤᠭᠰᠠᠨ᠂  ᠲᠤᠭᠲᠠᠭᠠᠭᠰᠠᠨ ᠵᠠᠮ ᠱᠤᠭᠤᠮ ᠢᠶᠠᠷ  ᠶᠠᠪᠤᠭᠰᠠᠨ ᠦᠭᠡᠢ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠠᠭ ᠲᠤᠬᠠᠶ ᠳᠤᠨᠢ ᠠᠩᠬᠠᠷᠤᠭᠤᠯᠵᠤ ᠵᠠᠯᠠᠷᠠᠭᠤᠯᠬᠤ ᠬᠡᠷᠡᠭᠲᠡᠢ ᠪᠥᠭᠡᠳ  ᠳᠠᠷᠤᠶᠢᠬᠠᠨ ᠰᠢᠢᠳᠪᠦᠷᠢᠯᠡᠬᠦ ᠬᠡᠷᠡᠭᠲᠡᠶ᠃      ᠭᠤᠴᠢᠨ ᠭᠤᠷᠪᠠᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠳᠠᠭᠠᠭᠤᠯᠢ ᠤᠳᠤᠨ ᠣᠷᠣᠨ ᠪᠠᠶᠢᠷᠢ ᠲᠣᠭᠲᠠᠭᠠᠬᠤ ᠲᠣᠨᠣᠭᠯᠠᠯ ᠤᠨ ᠬᠡᠪ ᠤᠨ ᠶᠣᠰᠣᠭᠠᠷ  ᠠᠵᠢᠯᠯᠠᠬᠤ ᠶᠢ ᠦᠨᠡᠨ ᠬᠦ  ᠪᠠᠲᠤᠯᠠᠵᠤ ᠂ ᠲᠡᠷᠭᠡᠨ ᠤ ᠪᠠᠶᠢᠳᠠᠯ ᠢ ᠴᠠᠭ ᠲᠤᠬᠠᠢ  ᠳᠤ  ᠰᠢᠨᠡᠴᠢᠯᠡᠵᠦ 24 ᠴᠠᠭ ᠪᠠᠷ  ᠡᠵᠡᠮᠳᠡᠭᠰᠡᠨ ᠪᠠᠶᠢᠬᠤ ᠬᠡᠷᠡᠭᠲᠡᠶ᠃      ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠠᠴᠠ ᠲᠡᠷᠭᠡᠨ ᠳᠡᠭᠡᠷᠡᠬᠢ ᠳᠠᠭᠠᠭᠤᠯᠢ ᠤᠳᠤᠨ ᠣᠷᠣᠨ ᠪᠠᠶᠢᠷᠢ ᠲᠣᠭᠲᠠᠭᠠᠬᠤ ᠲᠤᠨᠤᠭᠯᠠᠯ ᠢ ᠵᠣᠷᠢᠭᠤᠳᠠ ᠳᠠᠯᠳᠠᠯᠠᠨ ᠬᠠᠯᠠᠬᠯᠠᠭᠰᠠᠨ᠂ ᠲᠡᠷᠭᠡᠨ ᠳᠡᠭᠡᠷᠡᠬᠢ ᠳᠠᠭᠠᠭᠤᠯᠢ ᠤᠳᠤᠨ ᠣᠷᠣᠨ ᠪᠠᠶᠢᠷᠢ ᠲᠣᠭᠲᠠᠭᠠᠬᠤ ᠳᠤᠨᠤᠬ ᠲᠥᠬᠦᠭᠡᠷᠦᠮᠵᠢ ᠶᠢ ᠵᠤᠷᠢᠭᠤᠳᠠ ᠡᠪᠳᠡᠯᠡᠭᠰᠡᠨ ᠵᠢᠴᠢ ᠨᠠᠷᠢᠨ ᠬᠢᠨᠠᠮᠠᠭᠠᠢ ᠬᠢᠨᠠᠨ ᠡᠵᠡᠮᠳᠡᠬᠦ ᠦᠭᠡᠢ ᠵᠢᠵᠢᠭᠦᠷᠯᠡᠭᠴᠢ ᠢ ᠲᠤᠷᠭᠤᠭᠠᠵᠦ᠂ ᠬᠦᠨᠳᠦ ᠨᠣᠴᠢᠲᠠᠶ ᠪᠠᠶᠢᠪᠠᠯ ᠪᠠᠶᠢᠷᠢ ᠰᠢᠯᠵᠢᠭᠦᠯᠬᠦ  ᠪᠤᠶᠦ  ᠴᠢᠨᠠᠭᠰᠢᠯᠠᠨ ᠠᠵᠢᠯ ᠠᠴᠠ ᠨᠢ ᠵᠤᠭᠰᠤᠭᠠᠨ᠎ᠠ᠃      ᠭᠤᠴᠢᠨ ᠳᠥᠷᠪᠡᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠬᠥᠳᠡᠯᠦᠩᠭᠦᠶ  ᠬᠢᠨᠠᠨ ᠡᠵᠡᠮᠳᠡᠬᠦ ᠬᠢᠵᠠᠭᠠᠷᠯᠠᠯ ᠤᠨ ᠠᠷᠭ᠎ᠠ ᠪᠠᠷᠢᠯ ᠢᠶᠠᠷ  ᠡᠵᠡᠩᠨᠡᠯᠲᠡ ᠶᠢᠨ ᠲᠡᠷᠭᠡ ᠶᠢ ᠵᠣᠬᠢᠶᠠᠨ ᠪᠠᠶᠢᠭᠤᠯᠬᠤ ᠪᠠ ᠲᠤᠬᠢᠷᠠᠭᠤᠯᠬᠤ ᠶᠢᠨ ᠬᠠᠮᠲᠤ ᠬᠦᠨᠳᠦ  ᠨᠤᠴᠢᠲᠠᠢ ᠵᠠᠮ ᠬᠠᠷᠢᠯᠴᠠᠭᠠᠨ ᠤ ᠠᠳᠡᠯ ᠤᠨ ᠮᠡᠳᠡᠭᠡ᠂ ᠠᠮᠤᠷ ᠲᠦᠪᠰᠢᠨ ᠤ ᠰᠠᠨᠠᠭᠤᠯᠭ᠎ᠠ᠂ ᠰᠡᠷᠡᠮᠵᠢᠯᠡᠭᠦᠯᠬᠦ ᠮᠡᠳᠡᠭᠡ ᠵᠠᠩᠭᠢ  ᠶᠢ ᠴᠠᠭ ᠲᠤᠬᠠᠶ ᠳᠤᠨᠢ ᠢᠯᠡᠭᠡᠨ᠎ᠡ᠃      ᠳᠥᠷᠪᠡᠳᠦᠭᠡᠷ ᠪᠦᠯᠦᠭ  ᠠᠮᠤᠷ ᠲᠦᠪᠰᠢᠨ ᠤ ᠲᠠᠯᠳᠠ ᠭᠡᠮ ᠢ ᠢᠯᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ      ᠭᠤᠴᠢᠨ ᠲᠠᠪᠤᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠪᠠ ᠠᠶᠠᠨᠴᠢᠳ ᠤᠨ ᠥᠷᠲᠡᠭᠡ ᠠᠴᠠ ᠵᠢᠯᠣᠭᠤᠴᠢ᠂ ᠲᠡᠭᠡᠭᠡᠪᠦᠷᠢ ᠡᠵᠡᠩᠨᠡᠯᠲᠡ ᠶᠢᠨ ᠲᠡᠷᠭᠡ᠂ ᠵᠠᠮ ᠵᠢᠴᠢ ᠣᠷᠴᠢᠨ ᠲᠣᠭᠤᠷᠢᠨ ᠤ ᠨᠥᠬᠦᠴᠡᠯ᠂ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ᠂ ᠡᠵᠡᠩᠨᠡᠯᠲᠡ ᠶᠢᠨ ᠬᠢᠨᠠᠨ ᠡᠵᠡᠮᠳᠡᠬᠦ  ᠵᠡᠷᠭᠡ ᠠᠶᠤᠯ ᠲᠦᠭᠰᠢᠭᠦᠷᠢ ᠶᠢᠨ ᠬᠠᠮᠢᠶᠠᠷᠤᠯᠲᠠ ᠪᠣᠯᠤᠨ ᠠᠮᠤᠷ ᠲᠦᠪᠰᠢᠨ ᠤ ᠳᠠᠯᠳᠠ ᠭᠡᠮ ᠢ ᠢᠯᠭᠠᠨ ᠪᠠᠶᠢᠴᠠᠭᠠᠵᠤ ᠴᠡᠭᠴᠡᠯᠡᠨ ᠵᠠᠰᠠᠬᠤ ᠲᠥᠷᠢᠮ ᠢ ᠲᠣᠭᠲᠠᠭᠠᠨ ᠳᠡᠭᠦᠯᠳᠡᠷᠵᠢᠭᠦᠯᠦᠨ᠎ᠡ᠃      ︵ᠨᠢᠭᠡ︶  ᠲᠣᠭᠲᠠᠭᠰᠠᠨ ᠬᠤᠭᠤᠴᠠᠭ᠎ᠠ ᠲᠠᠢ ᠪᠠᠷ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠬᠤᠣᠷ ᠬᠥᠨᠥᠭᠡᠯ ᠢ ᠢᠯᠭᠠᠨ ᠲᠠᠨᠢᠬᠤ ᠶᠢ ᠥᠷᠨᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠵᠦ᠂ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠴᠠᠭ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠪᠠ ᠰᠢᠢᠳᠪᠦᠷᠢᠯᠡᠵᠦ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ ᠶᠢ ᠳᠡᠭᠦᠯᠳᠡᠷᠵᠢᠭᠦᠯᠦᠨ᠎ᠡ᠃ ᠤᠯᠠᠷᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠬᠤᠣᠷ ᠬᠥᠨᠥᠭᠡᠯ ᠢ ᠢᠯᠭᠠᠨ ᠲᠠᠨᠢᠬᠤ ᠠᠵᠢᠯ ᠢ ᠦᠷᠨᠢᠭᠦᠯᠵᠦ᠂ ᠣᠨ ᠤ ᠦᠨᠡᠯᠡᠨ ᠵᠢᠱᠢᠭᠰᠡᠨ ᠳ᠋ᠦᠩ ᠢ ᠨᠡᠶᠢᠭᠡᠮ ᠨᠡᠶᠢᠲᠡ ᠳᠤ ᠵᠠᠷᠯᠠᠨ᠎ᠠ︔      ︵ᠬᠤᠶᠠᠷ︶  ᠠᠶᠤᠯᠭᠦᠶ ᠦᠢᠯᠡᠳᠪᠦᠷᠢᠯᠡᠯ ᠤᠨ ᠱᠠᠭᠠᠷᠳᠠᠯᠭ᠎ᠠ ᠪᠠ ᠣᠨᠴᠠᠯᠢᠭ ᠢᠶᠠᠨ ᠦᠨᠳᠦᠰᠦᠯᠡᠨ᠂ ᠶᠡᠷᠦᠩᠬᠡᠶᠢᠯᠡᠭᠰᠡᠨ ᠪᠠᠶᠢᠴᠠᠭᠠᠯᠲᠠ᠂ ᠲᠤᠰᠬᠠᠶ ᠪᠠᠶᠢᠴᠠᠭᠠᠯᠲᠠ᠂ ᠤᠯᠠᠷᠢᠯ ᠤᠨ ᠴᠢᠨᠠᠷᠲᠠᠶ ᠪᠠᠶᠢᠴᠠᠭᠠᠯᠲᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠪᠠᠶᠢᠴᠠᠭᠠᠯᠲᠠ᠂ ᠡᠳᠦᠷ ᠲᠤᠳᠦᠮ ᠤᠨ ᠪᠠᠶᠢᠴᠠᠭᠠᠯᠲᠠ ᠵᠡᠷᠭᠡ ᠠᠷᠭ᠎ᠠ ᠮᠠᠶ᠋ᠢᠭ ᠢᠶᠠᠷ ᠠᠮᠤᠷ ᠲᠦᠪᠰᠢᠨ ᠤ ᠳᠡᠯᠳᠡ ᠠᠶᠣᠯ ᠢ ᠢᠯᠭᠠᠨ ᠪᠠᠶᠢᠴᠠᠭᠠᠨ᠎ᠠ᠃      ᠭᠤᠴᠢᠨ ᠵᠢᠷᠭᠤᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠥᠷᠲᠡᠭᠡ ᠳᠠᠯᠳᠠ ᠭᠡᠮ ᠪᠣᠯ ᠠᠳᠡᠯ ᠪᠣᠯᠬᠤ ᠲᠠᠨᠢᠯᠲᠠ ᠶᠢ ᠪᠤᠢ ᠪᠤᠯᠭᠠᠵᠤ᠂ ᠳᠠᠯᠳᠠ ᠭᠡᠮ ᠢ ᠢᠯᠭᠠᠨ ᠪᠠᠶᠢᠴᠠᠭᠠᠵᠤ ᠴᠡᠭᠴᠡᠯᠡᠨ ᠵᠠᠰᠠᠬᠤ ᠲᠥᠷᠢᠮ᠂ ᠬᠦᠨᠳᠦ ᠶᠡᠭᠡ ᠳᠠᠯᠳᠠ ᠭᠡᠮ ᠢ ᠴᠡᠭᠴᠡᠯᠡᠨ ᠵᠠᠰᠠᠭᠰᠠᠨ ᠪᠠᠶᠢᠳᠠᠯ ᠢ ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠠᠵᠢᠯᠳᠡᠨ ᠠᠵᠢᠯᠴᠢᠳ ᠤᠨ ᠲᠥᠯᠥᠭᠡᠯᠡᠭᠴᠢᠳ ᠤᠨ ᠬᠤᠷᠠᠯ ᠳᠡᠭᠡᠷ᠎ᠡ ︽ᠬᠤᠶᠠᠷ ᠮᠡᠳᠡᠭᠦᠯᠬᠦ︾ ᠲᠦᠷᠢᠮ ᠢ ᠲᠣᠭᠲᠠᠭᠠᠨ ᠲᠡᠭᠦᠯᠳᠡᠷᠵᠢᠭᠦᠯᠵᠦ  ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠰᠠᠵᠤ ᠥᠪᠡᠷ ᠢᠶᠠᠨ ᠮᠡᠳᠡᠭᠦᠯᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠭᠤᠴᠢᠨ ᠳᠣᠯᠣᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠥᠷᠲᠡᠭᠡ ᠠᠴᠠ ᠢᠯᠭᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠳᠠᠯᠳᠠ ᠭᠡᠮ ᠢ ᠳᠠᠩᠰᠠᠯᠠᠬᠤ ᠪᠠ ᠵᠠᠰᠠᠵᠤ᠂ ᠡᠭᠡ ᠲᠠᠩᠰᠠ ᠪᠠᠶᠢᠭᠤᠯᠤᠨ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠂ ᠬᠠᠷᠢᠭᠤᠴᠠᠯᠭ᠎ᠠ᠂ ᠪᠡᠯᠡ ᠮᠥᠩᠭᠦ  ᠂ ᠴᠠᠭ ᠬᠤᠭᠤᠴᠠᠭ᠎ᠠ ᠪᠠ ᠪᠡᠯᠡᠳᠬᠡᠯ ᠲᠥᠰᠦᠯ ᠢ ᠬᠢᠨᠠᠮᠠᠭᠠᠶ ᠨᠠᠶᠢᠳᠠᠪᠤᠷᠢᠵᠢᠭᠤᠯᠵᠤ ᠂ ᠳᠠᠯᠲᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠳᠡᠢ᠃      ᠳᠠᠷᠦ᠋ᠢᠬᠠᠨ ᠴᠡᠭᠴᠡᠯᠡᠨ ᠵᠠᠰᠠᠬᠤ ᠪᠤᠯᠤᠮᠵᠢ ᠲᠠᠢ ᠶᠡᠷᠦ ᠶᠢᠨ ᠠᠮᠤᠷ ᠲᠦᠪᠰᠢᠨ ᠤ ᠲᠠᠯᠳᠠ ᠭᠡᠮ ᠢ ᠲᠡᠭᠡᠭᠡᠪᠦᠷᠢ ᠶᠢᠨ ᠠᠵᠤ ᠠᠬᠤᠶᠢᠯᠠᠯ ᠠᠴᠠ ᠳᠠᠷᠤᠶ ᠲᠦᠷᠭᠡᠨ ᠵᠣᠬᠢᠶᠠᠨ ᠪᠠᠶᠢᠭᠤᠯᠤᠨ ᠴᠡᠭᠴᠡᠯᠡᠨ ᠵᠠᠰᠠᠬᠤ ᠬᠡᠷᠡᠭᠲᠡᠢ᠃ ᠬᠦᠨᠳᠦ ᠶᠡᠭᠡ ᠠᠮᠤᠷ ᠲᠦᠪᠰᠢᠨ ᠤ ᠲᠠᠯᠳᠠ ᠭᠡᠮ ᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠳᠠᠷᠤᠶ ᠲᠦᠷᠭᠡᠨ ᠴᠡᠭᠴᠡᠯᠡᠨ ᠵᠠᠰᠠᠬᠤ ᠬᠡᠷᠡᠭᠲᠡᠢ᠃ ᠴᠡᠭᠴᠡᠯᠡᠨ  ᠵᠠᠰᠠᠬᠤ ᠬᠤᠭᠤᠴᠠᠭᠠᠨ ᠳᠤ ᠠᠶᠣᠯ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠣᠷᠢᠭᠤᠯᠬᠤ ᠬᠡᠷᠡᠭᠲᠡᠶ᠃      ᠭᠤᠴᠢᠨ ᠨᠠᠢᠮᠠᠳᠤᠭᠠᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠥᠷᠲᠡᠭᠡ ᠠᠴᠠ ᠲᠤᠰ ᠨᠢᠭᠡᠴᠡ ᠶᠢᠨ ᠢᠶᠠᠨ ᠠᠮᠤᠷ ᠲᠦᠪᠰᠢᠨ ᠤ ᠲᠠᠯᠳᠠ ᠭᠡᠮ ᠢ ᠢᠯᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠳᠠᠩᠰᠠ ᠡᠪᠬᠡᠮᠡᠯ ᠪᠠᠶᠢᠭᠤᠯᠤᠨ᠎ᠠ᠃ ᠠᠭᠤᠯᠭ᠎ᠠ ᠳᠤ᠄ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠭᠰᠠᠨ ᠡᠳᠦᠷ ᠰᠠᠷ᠎ᠠ᠂ ᠪᠣᠳᠠᠲᠠᠶ ᠣᠷᠣᠨ ᠪᠠᠶᠢᠷᠢ ᠪᠤᠶᠤ ᠲᠠᠯᠠᠪᠤᠷ︔ ᠠᠮᠤᠷ ᠲᠦᠪᠰᠢᠨ ᠤ ᠲᠠᠯᠳᠠ ᠭᠡᠮ ᠤᠨ ᠲᠤᠭ᠎ᠠ ᠂ ᠳᠦᠷᠦᠯ ᠵᠦᠢᠯ ᠪᠠ ᠪᠣᠳᠠᠲᠠᠶ ᠪᠠᠶᠢᠳᠠᠯ︔ ᠠᠳᠡᠯ ᠤᠨ ᠲᠠᠯᠳᠠ ᠭᠡᠮ ᠢ ᠴᠡᠭᠴᠡᠯᠡᠨ ᠵᠠᠰᠠᠬᠤ ᠰᠠᠨᠠᠯ  ︔ ᠲᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠣᠷᠣᠯᠴᠠᠭᠰᠠᠨ ᠠᠵᠢᠯᠲᠠᠨ ᠵᠢᠴᠢ ᠲᠡᠭᠦᠨ ᠤ ᠭᠠᠷ ᠤᠨ ᠤᠢᠰᠦᠭ︔ ᠠᠮᠤᠷ ᠲᠦᠪᠰᠢᠨ ᠤ ᠲᠠᠯᠳᠠ ᠭᠡᠮ ᠢ ᠵᠠᠰᠠᠭᠰᠠᠨ ᠪᠠᠶᠢᠳᠠᠯ᠂ ᠳᠠᠪᠲᠠᠨ ᠪᠠᠶᠢᠴᠠᠭᠠᠭᠰᠠᠨ ᠪᠠᠶᠢᠳᠠᠯ᠂ ᠳᠠᠪᠲᠠᠨ ᠪᠠᠶᠢᠴᠠᠭᠠᠭᠰᠠᠨ ᠴᠠᠭ᠂ ᠳᠠᠪᠲᠠᠨ ᠪᠠᠶᠢᠴᠠᠭᠠᠭᠰᠠᠨ ᠠᠵᠢᠯᠳᠠᠨ ᠵᠢᠴᠢ ᠲᠡᠭᠦᠨ ᠤ ᠭᠠᠷ ᠤᠨ ᠦᠰᠦᠭ᠃      ᠭᠤᠴᠢ ᠶᠢᠰᠦᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂  ᠠᠶᠠᠨᠴᠢᠳ ᠤᠨ ᠥᠷᠲᠡᠭᠡ ᠠᠮᠤᠷ ᠲᠦᠪᠰᠢᠨ ᠤ ᠳᠠᠯᠳᠠ ᠭᠡᠮ ᠢ ᠮᠡᠳᠡᠭᠦᠯᠬᠦ ᠪᠠ ᠢᠯᠡᠴᠢᠯᠡᠨ ᠮᠡᠳᠡᠭᠦᠯᠬᠦ ᠶᠢ ᠬᠦᠬᠢᠭᠦᠯᠦᠨ ᠱᠠᠩᠨᠠᠬᠤ ᠳᠦᠷᠢᠮ ᠲᠣᠭᠲᠠᠭᠠᠵᠤ᠂ ᠠᠵᠢᠯᠳᠡᠨ ᠠᠵᠢᠯᠴᠢᠳ ᠤᠨ ᠠᠮᠤᠷ ᠲᠦᠪᠰᠢᠨ ᠤ ᠲᠠᠯᠳᠠ ᠭᠡᠮ ᠢ ᠢᠯᠡᠷᠡᠭᠦᠯᠬᠦ ᠪᠣᠯᠣᠨ ᠳᠡᠯᠳᠡ ᠭᠡᠮ ᠶᠢ ᠠᠷᠢᠯᠭᠠᠬᠤ ᠶᠢ ᠵᠣᠷᠢᠭᠵᠢᠭᠤᠯᠤᠨ ᠳᠠᠶᠢᠴᠢᠯᠠᠵᠤ᠂ ᠨᠡᠶᠢᠭᠡᠮ ᠤᠨ ᠤᠯᠠᠨ ᠨᠡᠶᠢᠲᠡ ᠡᠴᠡ‌ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ ᠠᠳᠡᠯ ᠭᠠᠷᠬᠤ ᠲᠠᠯᠳᠠ ᠭᠡᠮ ᠢ ᠢᠯᠡᠷᠡᠭᠦᠯᠦᠭᠰᠡᠨ ᠪᠠ ᠢᠯᠡᠴᠢᠯᠡᠨ ᠮᠡᠳᠡᠭᠦᠯᠦᠭᠰᠡᠨ ᠭᠠᠪᠢᠶ᠎ᠠ ᠲᠠᠢ ᠬᠦᠮᠦᠨ ᠢ ᠡᠳ᠋ ᠪᠣᠳᠠᠰ ᠢᠶᠠᠷ ᠱᠠᠩᠨᠠᠬᠤ ᠪᠠ ᠰᠠᠶᠢᠰᠢᠶᠠᠨ ᠬᠦᠬᠢᠭᠦᠯᠬᠦ ᠬᠡᠷᠡᠭᠳᠡᠢ᠃      ᠲᠠᠪᠤᠳᠤᠭᠠᠷ ᠪᠦᠯᠦᠭ  ᠠᠶᠤᠯᠭᠦᠶ ᠪᠠᠷ ᠦᠢᠯᠡᠳᠪᠦᠷᠢᠯᠡᠬᠦ ᠶᠢ ᠬᠢᠨᠠᠵᠤ ᠬᠠᠮᠢᠶᠠᠷᠬᠤ      ᠳᠦᠴᠢᠳᠦᠭᠡᠷ ᠵᠦᠢᠯ  ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰ ᠬᠠᠷᠢᠶ᠎ᠠ ᠣᠷᠣᠨ ᠤ ᠬᠡᠪᠴᠢᠶᠠᠨ ᠳᠠᠬᠢ ᠵᠠᠮ ᠤᠨ ᠠᠶᠠᠨᠴᠢᠳ ᠤᠨ ᠲᠡᠭᠡᠭᠡᠪᠦᠷᠢ ᠪᠠ ᠠᠶᠠᠨᠴᠢᠳ ᠤᠨ ᠥᠷᠲᠡᠭᠡ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠳᠣᠣᠷᠠᠬᠢ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠄      ︵ᠨᠢᠭᠡ︶  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠥᠷᠲᠡᠭᠡ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠠᠶᠤᠯᠭᠦᠶ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ  ᠶᠡᠷᠣᠭ᠍ᠬᠡᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃      ︵ᠬᠤᠶᠠᠷ︶  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠪᠤᠷᠠᠨ ᠲᠤᠰᠠᠯᠠᠬᠤ  ᠲᠣᠭᠲᠠᠯᠴᠠᠭ᠎ᠠ ᠶᠢ ᠴᠢᠩᠭᠠᠳᠬᠠᠵᠤ᠂  ᠬᠠᠷᠠᠭᠠᠯᠵᠠᠭᠰᠠᠨ ᠵᠢᠯᠣᠭᠤᠳᠬᠤ ᠰᠢᠰᠲ᠋ᠧᠮ ᠪᠠ ᠪᠡᠯᠡ ᠮᠥᠩᠭᠦ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠣᠯᠣᠨ ᠠᠪᠤᠷᠠᠨ ᠲᠤᠰᠠᠯᠠᠬᠤ ᠲᠥᠰᠦᠯ ᠢ ᠲᠣᠭᠲᠠᠭᠠᠨ ᠲᠡᠭᠦᠯᠳᠡᠷᠵᠢᠭᠦᠯᠦᠨ᠂ ᠲᠣᠭᠲᠠᠭᠰᠠᠨ ᠬᠤᠭᠤᠴᠠᠭ᠎ᠠ ᠲᠠᠢ ᠪᠠᠷ ᠰᠤᠷᠢᠯᠲᠠ ᠬᠢᠬᠦ   ᠶᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠳᠠᠬᠢ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠤᠳᠤᠷᠢᠳᠤᠨ ᠵᠣᠬᠢᠶᠠᠨ ᠪᠠᠶᠢᠭᠤᠯᠤᠨ᠎ᠠ᠃      ︵ᠭᠤᠷᠪᠠ︶  ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠬᠠᠤᠯᠢ ᠪᠣᠰᠤ ᠬᠠᠥᠯᠢ ᠠᠴᠠ ᠵᠦᠷᠢᠴᠡᠭᠰᠡᠨ ᠠᠵᠢᠯᠠᠯᠭ᠎ᠠ ᠳᠤ ᠴᠣᠬᠢᠯᠲᠠ ᠥᠭᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠪᠣᠰᠤ᠂ ᠬᠠᠥᠯᠢ ᠠᠴᠠ ᠵᠦᠷᠢᠴᠡᠭᠰᠡᠨ ᠠᠵᠢᠯᠠᠯᠭ᠎ᠠ ᠳᠤ ᠴᠣᠬᠢᠯᠲᠠ ᠥᠭᠬᠦ ᠠᠵᠢᠯ ᠤᠨ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠩᠭᠤᠵᠢᠭᠤᠯᠬᠤ ᠪᠠ ᠲᠠᠯᠳᠠ ᠭᠡᠮ ᠢ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠷᠦᠭᠬᠡᠶᠢᠯᠡᠭᠰᠡᠨ ᠬᠢᠨᠠᠯᠲᠠ ᠬᠠᠮᠢᠶᠠᠷᠤᠯᠲᠠ ᠪᠣᠯᠣᠨ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠬᠡᠷᠡᠭᠵᠢᠭᠦᠯᠵᠦ᠂ ᠬᠠᠤᠯᠢ ᠪᠤᠰᠤ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠦᠨᠳᠦ ᠶᠡᠭᠡ ᠠᠳᠡᠯ ᠤᠨ ᠲᠠᠯᠳᠠ ᠭᠡᠮ ᠢ ᠵᠠᠰᠠᠬᠤ ᠳᠦᠷᠢᠮ ᠪᠠ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠯᠢᠶᠡᠳ ᠶᠡᠭᠡ ᠵᠠᠮ ᠬᠠᠷᠢᠯᠴᠠᠭᠠᠨ ᠤ ᠠᠳᠡᠯ ᠢ ︵ᠨᠢᠭᠡ ᠤᠳᠠᠭ᠎ᠠ ᠳᠤ ᠭᠤᠷᠪᠠᠨ ᠬᠥᠮᠦᠨ ᠠᠴᠠ ᠤᠯᠠᠨ ᠦᠬᠦᠭᠰᠡᠨ︶ ᠢᠯᠡᠷᠬᠡᠶᠢᠯᠡᠯ ᠡᠯᠭᠦᠨ ᠰᠢᠮᠳᠠᠭᠤᠯᠣᠨ ᠪᠠᠶᠢᠴᠠᠭᠠᠬᠤ ᠲᠦᠷᠢᠮ ᠲᠣᠭᠲᠠᠭᠠᠵᠤ᠂ ᠬᠦᠨᠳᠦ ᠶᠡᠭᠡ ᠠᠮᠤᠷ ᠲᠥᠪᠰᠢᠨ ᠤ ᠲᠠᠯᠳᠠ ᠭᠡᠮ ᠢ ᠵᠠᠰᠠᠬᠤ  ᠳᠤ ᠱᠠᠳᠤ ᠳᠠᠷᠠᠭᠠᠯᠠᠨ ᠢᠯᠡᠷᠬᠡᠶᠢᠯᠡᠯ ᠡᠯᠭᠦᠨ ᠱᠠᠭᠠᠷᠳᠠᠨ ᠬᠢᠯᠭᠡᠬᠦ᠂ ᠵᠠᠷᠯᠠᠨ ᠨᠡᠶᠢᠲᠡᠯᠡᠬᠦ ᠲᠦᠷᠢᠮ ᠢ ᠬᠡᠷᠡᠭᠵᠢᠭᠦᠯᠵᠦ᠂ ᠬᠢᠨᠠᠨ ᠬᠠᠮᠢᠶᠠᠷᠤᠯᠲᠠ ᠬᠢᠨᠠᠨ ᠪᠠᠶᠢᠴᠠᠭᠠᠯᠲᠠ ᠶᠢᠨ ᠵᠢᠭᠠᠪᠤᠷᠢ ᠶᠢ ᠬᠡᠷᠡᠭᠵᠢᠭᠦᠯᠬᠦ ᠦᠭᠡᠢ ᠠᠵᠤ ᠠᠬᠤᠶᠢᠯᠠᠯ ᠢ ᠬᠠᠤᠯᠢ ᠶᠣᠰᠣᠭᠠᠷ ᠬᠦᠨᠳᠦ ᠪᠠᠷ ᠰᠢᠢᠳᠬᠡᠨ᠎ᠡ᠃      ᠳᠦᠴᠢᠨ ᠨᠢᠭᠡᠳᠦᠭᠡᠷ ᠵᠦᠢᠯ  ᠡᠯ᠎ᠡ ᠱᠠᠲᠤᠨ ᠤ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠪᠠ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠬᠠᠷᠢᠶ᠎ᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠳᠣᠣᠷᠠᠬᠢ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠄      ︵ ᠨᠢᠭᠡ︶  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ ᠪᠠᠷᠢᠮᠵᠢᠶᠠᠵᠢᠯ ᠳᠤ ᠬᠦᠷᠭᠡᠬᠦ ᠠᠵᠢᠯ ᠢ ᠵᠣᠬᠢᠶᠠᠨ ᠪᠠᠶᠢᠭᠤᠯᠵᠤ᠂ ᠦᠨᠡᠯᠡᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠨ᠎ᠠ᠃ ᠦᠨᠡᠯᠡᠯᠲᠡ ᠪᠣᠯᠤᠨ ᠣᠨ ᠤ ᠬᠢᠨᠠᠨ ᠪᠠᠶᠢᠴᠠᠭᠠᠭᠰᠠᠨ ᠪᠠᠶᠢᠳᠠᠯ ᠢᠶᠠᠷ ᠠᠵᠤ ᠠᠬᠤᠶᠢᠯᠠᠯ ᠤᠨ ᠡᠵᠡᠩᠨᠡᠯᠲᠡ ᠶᠢᠨ ᠬᠢᠷᠢ ᠭᠡᠮ ᠤᠨ ᠣᠨ ᠤ ᠬᠢᠨᠠᠯᠲᠠ ᠪᠠ ᠲᠡᠭᠡᠭᠡᠪᠦᠷᠢ ᠶᠢᠨ ᠴᠢᠳᠠᠮᠵᠢ ᠶᠢᠨ ᠰᠢᠨᠡᠴᠢᠯᠡᠯᠲᠡ᠂ ᠰᠢᠨ᠎ᠡ ᠪᠠᠷ ᠨᠡᠮᠡᠭᠳᠡᠬᠦ ᠬᠢᠨᠠᠨ ᠵᠥᠪᠰᠢᠶᠡᠷᠡᠬᠦ᠂ ᠳᠠᠭᠠᠭᠠᠴᠢᠯᠠᠯᠲᠠ ᠵᠠᠷᠯᠠᠵᠤ ᠬᠦᠯᠢᠶᠡᠬᠦ ᠶᠢᠨ ᠠᠶᠤᠯᠭᠦᠶ ᠶᠢᠨ ᠨᠥᠬᠦᠴᠡᠯ ᠤᠨ ᠴᠢᠬᠤᠯᠠ ᠯᠠᠪᠯᠠᠬᠤ ᠦᠨᠳᠦᠰᠦᠯᠡᠯ ᠪᠣᠯᠭᠠᠨ᠎ᠠ᠃      ︵ᠬᠤᠶᠠᠷ︶  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠠᠶᠠᠨᠴᠢᠳ ᠤᠨ ᠥᠷᠲᠡᠭᠡ ᠶᠢᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠢ ᠲᠣᠭᠲᠠᠭᠠᠨ ᠲᠡᠭᠦᠯᠳᠡᠷᠵᠢᠬᠦᠯᠬᠦ ᠳᠤ ᠬᠢᠨᠠᠯᠲᠠ ᠲᠠᠯᠪᠢᠨ ᠵᠢᠭᠠᠨ ᠵᠢᠯᠣᠭᠤᠳᠴᠤ᠂ ᠠᠵᠣ ᠠᠬᠤᠶᠢᠯᠠᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ᠂ ᠬᠠᠤᠯᠢ ᠳᠦᠷᠢᠮ ᠢ ᠲᠤᠤᠱᠠᠯᠠᠭᠤᠯᠬᠤ ᠶᠢ ᠰᠢᠮᠳᠠᠭᠤᠯᠵᠤ᠂ ︽ ᠭᠤᠷᠪᠠ ᠶᠢ ᠣᠷᠣᠭᠤᠯᠬᠤ ᠦᠭᠡᠢ  ᠂ ᠵᠢᠷᠭᠤᠭ᠎ᠠ ᠶᠢ ᠭᠠᠷᠭᠠᠬᠤ ᠦᠭᠡᠢ  ︾ ᠂ ︽ᠲᠠᠪᠤ ᠶᠢ ᠵᠦᠷᠢᠴᠢᠬᠦ ᠦᠭᠡᠢ᠂ ᠬᠤᠶᠠᠷ ᠢ ᠪᠠᠲᠤᠯᠠᠬᠤ︾ ᠠᠮᠠᠯᠠᠯᠲᠠ ᠵᠢᠴᠢ ᠠᠮᠤᠷ ᠲᠦᠪᠰᠢᠨ ᠤ ᠮᠡᠳᠡᠭᠳᠡᠯ᠂ ᠵᠢᠯᠣᠭᠤᠴᠢ ᠶᠢᠨ ᠠᠮᠤᠷ ᠲᠦᠪᠰᠢᠨ ᠤ ᠠᠮᠠᠯᠠᠯᠲᠠ ᠵᠡᠷᠭᠡ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠬᠦ ᠶᠢ ᠰᠢᠮᠳᠠᠭᠤᠯᠤᠨ ᠱᠠᠭᠠᠷᠳᠠᠨ᠎ᠠ᠃      ︵ᠭᠤᠷᠪᠠ︶  ᠬᠢᠨᠠᠨ ᠡᠵᠡᠮᠰᠢᠯ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠬᠥᠳᠡᠯᠦᠩᠭᠦᠶ ᠬᠢᠨᠠᠨ ᠡᠵᠡᠮᠳᠡᠬᠦ ᠠᠵᠢᠯ ᠤᠨ ᠪᠠᠶᠢᠳᠠᠯ ᠳᠤ ᠬᠢᠨᠠᠯᠲᠠ ᠲᠠᠯᠪᠢᠨ ᠬᠢᠨᠠᠨ ᠰᠢᠯᠭᠠᠬᠤ ᠶᠢᠨ ᠬᠠᠮᠲᠤ ᠠᠵᠤ ᠠᠬᠤᠶᠢᠯᠠᠯ ᠤᠨ ᠶᠠᠰᠤ ᠴᠢᠨᠠᠷ ᠢᠲᠡᠭᠡᠯ ᠬᠦᠨᠳᠦ ᠶᠢ ᠰᠢᠯᠭᠠᠬᠤ ᠠᠭᠤᠯᠭ᠎ᠠ ᠪᠤᠯᠭᠠᠵᠦ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠡᠭᠡᠯᠵᠢ ᠱᠤᠭᠤᠮ ᠤᠨ ᠳᠠᠭᠠᠭᠠᠴᠢᠯᠠᠯᠲᠠ ᠵᠠᠷᠯᠠᠬᠤ ᠪᠠ ᠣᠨ ᠤ ᠬᠢᠨᠠᠯᠲᠠ ᠶᠢᠨ ᠴᠢᠬᠤᠯᠠ ᠦᠨᠳᠦᠰᠦᠯᠡᠯ ᠪᠣᠯᠭᠠᠨ᠎ᠠ᠃      ︵ᠳᠥᠷᠪᠡ︶  ᠲᠤᠰ ᠵᠠᠰᠠᠭ ᠵᠠᠬᠢᠷᠭᠠᠨ ᠤ ᠣᠷᠣᠨ ᠤ ᠬᠡᠪᠴᠢᠶᠠᠨ ᠳᠠᠬᠢ ᠠᠶᠠᠨᠴᠢᠳ ᠤᠨ ᠲᠡᠭᠡᠭᠡᠪᠦᠷᠢ ᠡᠵᠡᠩᠨᠡᠯᠲᠡ ᠶᠢᠨ ᠨᠢᠭᠡᠴᠡ ᠪᠣᠯᠣᠨ ᠠᠶᠠᠨᠴᠢᠳ ᠤᠨ ᠥᠷᠲᠡᠭᠡ ᠠᠶᠤᠯᠭᠦᠢ ᠦᠢᠯᠡᠳᠪᠦᠷᠢᠯᠡᠯ ᠤᠨ ︽ᠭᠤᠷᠪᠠᠨ ᠪᠣᠭᠤᠮᠲᠠ ᠨᠢᠭᠡ ᠬᠢᠨᠠᠯᠲᠠ︾  ᠶᠢᠨ ᠠᠵᠢᠯ᠂ ᠲᠤᠬᠠᠶᠢᠯᠠᠪᠠᠯ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠪᠣᠭᠤᠮᠲᠠ ᠂ ᠠᠶᠠᠨᠴᠢᠳ ᠤᠨ ᠲᠡᠭᠡᠭᠡᠪᠦᠷᠢ ᠶᠢᠨ ᠮᠠᠰᠢᠨ ᠤ ᠪᠠᠶᠢᠳᠠᠯ ᠤᠨ ᠪᠣᠭᠤᠮᠲᠠ᠂ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠪᠣᠭᠤᠮᠲᠠ ᠶᠢ ᠴᠢᠩᠭ᠎ᠠ ᠠᠳᠬᠤᠵᠤ᠂ ᠠᠶᠠᠨᠴᠢᠳ ᠤᠨ ᠥᠷᠲᠡᠭᠡ ᠶᠢᠨ ᠠᠮᠤᠷ ᠲᠦᠪᠰᠢᠨ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃      ᠳᠥᠴᠢᠨ ᠬᠤᠶᠠᠳᠤᠭᠠᠷ ᠵᠦᠢᠯ  ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠶ᠎ᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠳᠣᠣᠷᠠᠬᠢ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠄      ︵ᠨᠢᠭᠡ︶  ᠡᠵᠡᠩᠨᠡᠯᠲᠡ ᠶᠢᠨ ᠨᠢᠭᠡᠴᠡ ᠪᠠ ᠠᠶᠠᠨᠴᠢᠳ ᠤᠨ ᠥᠷᠲᠡᠭᠡ ᠶᠢᠨ ᠠᠶᠤᠯᠭᠦᠶ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠭᠤᠯᠬᠤ ᠳᠤ ᠳᠡᠮᠵᠢᠯᠭᠡ ᠬᠠᠪᠰᠤᠷᠤᠯᠭ᠎ᠠ ᠦᠵᠡᠭᠦᠯᠬᠦ ᠶᠢᠨ ᠬᠠᠮᠲᠦ ᠰᠠᠭᠠᠷᠳᠠᠯᠭ᠎ᠠ ᠲᠠᠯᠪᠢᠨ᠎ᠠ᠃ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠠᠶᠠᠨᠴᠢᠳ ᠤᠨ ᠥᠷᠲᠡᠭᠡ ᠶᠢᠨ ᠠᠮᠤᠷ ᠲᠦᠪᠰᠢᠨ ᠤ ᠲᠠᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡᠯ ᠠᠰᠠᠭᠤᠳᠠᠯ ᠢ ᠴᠠᠭ ᠲᠤᠬᠠᠶ ᠳᠤᠨᠢ ᠰᠢᠮᠳᠠᠭᠤᠯᠣᠨ ᠱᠠᠭᠠᠷᠳᠠᠵᠤ  ᠴᠡᠭᠴᠡᠯᠡᠨ ᠥᠭᠡᠷᠡᠴᠢᠯᠡᠭᠦᠯᠦᠨ᠎ᠡ᠃              ︵ᠬᠤᠶᠠᠷ︶  ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠠᠴᠠ ᠲᠡᠷᠭᠡᠨ ᠵᠢᠯᠣᠭᠤᠴᠢ ᠳᠤ  ᠶᠠᠪᠤᠭᠤᠯᠬᠤ ᠠᠶᠤᠯᠭᠦᠢ ᠪᠠᠷ ᠲᠡᠷᠭᠡ ᠵᠢᠯᠣᠭᠤᠳᠬᠤ ᠠᠮᠤᠷ ᠲᠦᠪᠰᠢᠨ ᠤ ᠲᠤᠬᠠᠶ ᠰᠤᠷᠭᠠᠨ ᠬᠥᠮᠦᠵᠢᠯ ᠤᠨ ᠠᠵᠢᠯ ᠳᠤ ᠣᠷᠤᠯᠴᠠᠨ᠎ᠠ᠃ ᠲᠤᠬᠠᠶ ᠶᠢᠨ ᠭᠠᠵᠠᠷ ᠤᠨ ᠵᠠᠮ ᠤᠨ ᠪᠠᠶᠢᠳᠠᠯ᠂ ᠠᠭᠤᠷ ᠠᠮᠢᠰᠬᠤᠯ᠂ ᠭᠠᠵᠠᠷ ᠵᠦᠢ ᠶᠢᠨ ᠣᠷᠴᠢᠨ ᠲᠣᠭᠤᠷᠢᠨ ᠪᠣᠯᠣᠨ ᠵᠠᠮ ᠬᠠᠷᠢᠯᠴᠠᠭᠠᠨ ᠤ ᠠᠳᠡᠯ ᠭᠠᠷᠬᠤ ᠵᠢᠮ᠎ᠡ ᠶᠣᠰᠣ ᠪᠠ ᠣᠨᠴᠠᠯᠢᠭ ᠢ ᠦᠨᠳᠦᠰᠦᠯᠡᠨ ᠬᠠᠨᠲᠤᠯᠭᠠᠲᠦ ᠴᠢᠨᠠᠷᠲᠠᠢ ᠪᠠᠷ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ ᠨᠢᠭᠡᠴᠡ ᠶᠢ ᠬᠠᠪᠰᠤᠷᠤᠨ ᠠᠶᠠᠨᠴᠢᠳ ᠤᠨ ᠲᠡᠷᠭᠡᠨ ᠤ ᠵᠢᠯᠣᠭᠤᠴᠢ ᠳᠤ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠠᠶᠤᠯᠭᠦᠶ ᠶᠢᠨ ᠰᠤᠷᠭᠠᠨ ᠬᠥᠮᠦᠵᠢᠯ ᠬᠢᠨ᠎ᠡ᠃      ︵ᠭᠤᠷᠪᠠ︶  ᠲᠡᠷᠭᠡ ᠬᠥᠰᠬᠡ ᠳᠠᠩᠰᠠᠯᠠᠬᠤ᠂ ᠪᠠᠶᠢᠴᠠᠭᠠᠬᠤ᠂ ᠵᠠᠮ ᠤᠨ ᠬᠠᠤᠯᠢ ᠬᠡᠷᠡᠭᠵᠢᠭᠦᠯᠬᠦ ᠵᠠᠩᠭᠢᠯᠠᠭ᠎ᠠ ᠶᠢᠨ ᠭᠤᠭᠴᠣᠭᠠᠨ ᠳᠤ ᠵᠢᠯᠣᠭᠤᠴᠢ ᠪᠠ ᠠᠶᠠᠨᠴᠢᠳ ᠤᠨ ᠲᠡᠭᠡᠭᠡᠪᠦᠷᠢ ᠶᠢᠨ ᠮᠠᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      ︵ᠳᠥᠷᠪᠡ︶  ᠠᠶᠠᠨᠴᠢᠨ ᠤᠨ ᠲᠡᠭᠡᠭᠡᠪᠦᠷᠢ ᠶᠢᠨ ᠮᠠᠰᠢᠨ ᠤ ᠬᠥᠳᠡᠯᠦᠩᠭᠦᠶ ᠬᠢᠨᠠᠨ ᠡᠵᠡᠮᠳᠡᠬᠦ  ᠰᠢᠰᠲ᠋ᠧᠮ ᠤᠨ ᠲᠡᠮᠳᠡᠭᠯᠡᠭᠰᠡᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠬᠠᠤᠯᠢ  ᠬᠡᠷᠡᠭᠵᠢᠬᠦᠯᠬᠦ ᠦᠨᠳᠦᠰᠦ ᠪᠠᠷᠢᠮᠲᠠ ᠪᠣᠯᠭᠠᠵᠣ᠂ ᠬᠠᠤᠯᠢ ᠶᠣᠰᠣᠭᠠᠷ ᠪᠠᠶᠢᠴᠠᠭᠠᠨ‌‍ᠰᠢᠢᠳᠪᠦᠷᠢᠯᠡᠨ᠎ᠡ᠃      ︵ᠲᠠᠪᠤ︶  ᠬᠥᠯᠦᠰᠥᠯᠡᠭᠰᠡᠨ ᠲᠡᠷᠭᠡ ᠶᠢᠨ ᠵᠠᠮ ᠤᠨ ᠪᠠᠶᠢᠴᠠᠭᠠᠯᠲᠠ ᠶᠢ ᠴᠢᠩᠭᠠᠳᠬᠠᠵᠤ᠂ ᠬᠥᠯᠦᠰᠥᠯᠡᠭᠰᠡᠨ ᠲᠡᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠬᠢᠯᠡᠬᠦ ᠳᠠᠭᠤᠰᠬᠤ ᠴᠡᠭ ᠤᠨ ᠫᠠᠶᠢᠰᠠ ᠲᠡᠮᠲᠡᠭ ᠬᠢᠭᠡᠳ ᠲᠡᠷᠭᠡᠨ ᠤ ᠬᠠᠷᠢᠶ᠎ᠠ ᠭᠠᠵᠠᠷ ᠪᠤᠶᠤ ᠲᠡᠷᠭᠡ ᠬᠥᠯᠦᠰᠥᠯᠡᠭᠰᠡᠨ ᠠᠶᠠᠨᠴᠢᠳ ᠤᠨ ᠲᠡᠭᠡᠭᠡᠪᠦᠷᠢ ᠶᠢᠨ ᠲᠡᠮᠳᠡᠭ ᠫᠠᠶᠢᠰᠠ ᠶᠢᠨ ᠵᠠᠮ ᠱᠤᠭᠤᠮ ᠬᠢᠭᠡᠳ ᠪᠣᠳᠠᠲᠠᠶ ᠲᠠᠢ ᠨᠢᠭᠡᠳᠦᠯ ᠦᠭᠡᠢ ᠪᠠᠶᠢᠪᠠᠯ ᠴᠠᠭ ᠲᠤᠬᠠᠢ ᠳᠤ ᠨᠢ ᠵᠠᠮ ᠬᠠᠷᠢᠯᠴᠠᠭᠠᠨ ᠤ ᠰᠠᠯᠠᠭ᠎ᠠ ᠮᠥᠴᠢᠷ ᠲᠤ ᠮᠡᠳᠡᠭᠳᠡᠵᠦ ᠪᠠᠶᠢᠴᠠᠭᠠᠨ ᠰᠢᠢᠳᠪᠦᠷᠢᠯᠡᠵᠦ᠂ ᠠᠶᠠᠨᠴᠢᠳ ᠢ ᠪᠠᠭᠤᠯᠭᠠᠵᠤ ᠰᠢᠯᠵᠢᠭᠦᠯᠦᠨ ᠲᠡᠭᠡᠭᠡᠪᠦᠷᠢᠯᠡᠨ᠎ᠡ      ᠳᠥᠴᠢᠨ ᠭᠤᠷᠪᠠᠳᠤᠭᠠᠷ ᠵᠦᠢᠯ  ᠳᠣᠲᠣᠭᠠᠳᠤ ᠶᠢ ᠬᠠᠮᠠᠭᠠᠯᠠᠬᠤ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠶᠠᠨᠴᠢᠳ ᠤᠨ ᠥᠷᠲᠡᠭᠡ᠂ ᠭᠠᠯᠲᠤ ᠲᠡᠷᠭᠡᠨ ᠤ ᠥᠷᠲᠡᠭᠡ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠤ ᠬᠠᠤᠯᠢ ᠪᠤᠰᠤ ᠪᠠᠷ ᠠᠶᠠᠨᠴᠢᠳ ᠢ ᠲᠡᠭᠡᠭᠡᠪᠦᠷᠢᠯᠡᠵᠦ ᠪᠠᠶᠢᠭ᠎ᠠ ᠦᠢᠯᠡ ᠠᠵᠢᠯᠯᠠᠭ᠎ᠠ ᠶᠢ ᠬᠠᠮᠲᠤᠷᠠᠨ ᠪᠠᠶᠢᠴᠠᠭᠠᠵᠤ ᠰᠢᠢᠳᠪᠦᠷᠢᠯᠡᠨ᠎ᠡ᠃      ᠳᠥᠴᠢᠨ ᠳᠥᠷᠪᠡᠳᠦᠭᠡᠷ ᠵᠦᠢᠯ   ᠡᠯ᠎ᠡ ᠱᠠᠲᠤᠨ ᠤ ᠠᠶᠤᠯᠭᠦᠶ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠬᠠᠷᠢᠶ᠎ᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠳᠣᠣᠷᠠᠬᠢ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠄      ︵ᠨᠢᠭᠡ︶  ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠮᠲᠤᠪᠠᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠠᠶᠠᠨᠴᠢᠳ ᠤᠨ ᠥᠷᠲᠡᠭᠡ ᠶᠢᠨ ᠠᠶᠤᠯᠭᠦᠶ ᠦᠢᠯᠡᠳᠪᠦᠷᠢᠯᠡᠯ ᠳᠤ ᠬᠢᠨᠠᠯᠲᠠ ᠲᠠᠯᠪᠢᠨ ᠪᠠᠶᠢᠴᠠᠭᠠᠨ ᠵᠢᠯᠣᠭᠤᠳᠤᠨ᠎ᠠ᠃      ︵ᠬᠤᠶᠠᠷ︶  ᠳᠣᠲᠣᠭᠠᠳᠤ ᠶᠢ ᠬᠠᠮᠠᠭᠠᠯᠠᠬᠤ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠲᠠᠢ ᠬᠠᠮᠲᠤᠷᠠᠵᠦ ᠵᠠᠮ ᠤᠨ ᠠᠶᠠᠨᠴᠢᠳ ᠤᠨ ᠲᠡᠭᠡᠭᠡᠪᠦᠷᠢ ᠤᠨ ᠠᠵᠤ ᠠᠬᠤᠶᠢᠯᠠᠯ᠂ ᠠᠶᠠᠨᠴᠢᠳ ᠤᠨ ᠥᠷᠲᠡᠭᠡ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠳ ᠤᠨ ︽ᠬᠠᠷ᠎ᠠ ᠳᠠᠩᠰᠠ︾ ᠶᠢᠨ ᠲᠥᠷᠢᠮ ᠲᠣᠭᠲᠠᠭᠠᠵᠤ᠂ ᠰᠣᠨᠢᠨ ᠮᠡᠳᠡᠭᠡᠨ ᠤ ᠵᠠᠭᠤᠴᠢ ᠂ ᠪᠠᠩᠬᠢ᠂ ᠲᠡᠮᠥᠷ ᠵᠠᠮ᠂ ᠠᠭᠠᠷ ᠤᠨ ᠠᠶᠠᠯᠠᠯ᠂ ᠣᠷᠣᠨ ᠰᠠᠭᠤᠴᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠳᠡᠵᠦ ᠵᠠᠯᠬᠠᠭᠠᠨ ᠴᠡᠭᠡᠷᠯᠡᠭᠦᠯᠦᠨ᠎ᠡ᠃      ︵ᠭᠤᠷᠪᠠ︶  ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠯᠲᠠ ᠪᠠᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠠᠶᠠᠨᠴᠢᠳ ᠤᠨ ᠥᠷᠲᠡᠭᠡ ᠶᠢᠨ ᠠᠳᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠬᠠᠷᠢᠭᠤᠴᠠᠵᠤ᠂ ᠬᠠᠷᠠᠭᠠᠯᠵᠠᠭᠰᠠᠨ ᠬᠡᠷᠡᠭ ᠳᠠᠭᠤᠰᠬᠠᠬᠤ ᠠᠵᠢᠯ ᠢ ᠪᠠᠶᠢᠴᠠᠭᠠᠨ ᠰᠢᠢᠳᠪᠦᠷᠢᠯᠡᠨ᠎ᠡ᠃   ᠳᠥᠴᠢᠨ ᠲᠠᠪᠤᠳᠤᠭᠠᠷ ᠵᠦᠢᠯ   ᠵᠢᠭᠤᠯᠴᠢᠯᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠭᠤᠯᠴᠢᠯᠠᠯ ᠤᠨ ᠬᠤᠷᠢᠶ᠎ᠠ ᠶᠢᠨ ᠠᠶᠤᠯᠭᠦᠶ ᠦᠢᠯᠡᠳᠪᠦᠷᠢᠯᠡᠯ ᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠵᠢᠭᠤᠯᠴᠢᠯᠠᠯ ᠤᠨ ᠬᠤᠷᠢᠶ᠎ᠠ ᠬᠠᠤᠯᠢ ᠶᠣᠰᠣᠨ ᠤ ᠬᠢᠷᠢ ᠭᠡᠮ ᠦᠭᠡᠢ᠂ ᠲᠡᠷᠭᠡ ᠬᠥᠯᠥᠰᠥᠯᠡᠬᠦ ᠬᠠᠤᠯᠢ ᠶᠤᠰᠤᠨ ᠤ ᠭᠠᠷ ᠭᠦᠢᠴᠡᠳᠬᠡᠯ ᠦᠭᠡᠢ ᠪᠠᠷ ᠲᠡᠷᠭᠡ ᠣᠨᠤᠭ᠎ᠠ ᠬᠥᠯᠥᠰᠦᠯᠡᠵᠦ ᠵᠢᠭᠤᠯᠴᠢᠯᠠᠯ ᠤᠨ ᠠᠵᠢᠯ ᠡᠷᠬᠢᠯᠡᠵᠦ ᠪᠣᠯᠬᠤ ᠦᠭᠡᠢ᠃      ᠵᠢᠷᠭᠤᠳᠤᠭᠠᠷ ᠪᠦᠯᠦᠭ  ᠬᠠᠤᠯᠢ ᠴᠠᠭᠠᠵᠠ ᠶᠢᠨ ᠬᠠᠷᠢᠭᠤᠴᠠᠯᠭ᠎ᠠ      ᠳᠥᠴᠢᠨ ᠵᠢᠷᠭᠤᠳᠤᠭᠠᠷ ᠵᠦᠢᠯ  ᠲᠤᠰ ᠠᠷᠭ᠎ᠠ ᠳᠤ ᠲᠤᠭᠲᠠᠭᠠᠭᠰᠠᠨ ᠳᠤᠤᠷᠠᠬᠢ ᠦᠢᠯᠡ ᠠᠵᠢᠯᠯᠠᠭ᠎ᠠ ᠶᠢᠨ ᠨᠢᠭᠡ ᠶᠢ ᠵᠦᠷᠢᠴᠡᠭᠰᠡᠨ ᠪᠠᠶᠢᠪᠠᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠲᠤᠭᠲᠠᠭᠰᠠᠨ ᠬᠤᠭᠤᠴᠠᠭ᠎ᠠ ᠳᠤᠲᠤᠷ᠎ᠠ ᠵᠠᠯᠠᠷᠠᠭᠤᠯᠤᠭᠤᠯᠤᠨ᠎ᠠ︔ ᠲᠣᠭᠲᠠᠭᠰᠠᠨ ᠬᠤᠭᠤᠴᠠᠭᠠᠨ ᠳᠣᠲᠣᠷ᠎ᠠ ᠵᠠᠯᠠᠷᠠᠭᠤᠯᠤᠭᠰᠠᠨ ᠤᠢᠭᠡᠢ ᠪᠣᠯ 3000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠲᠣᠷᠣᠭᠰᠢ ᠮᠥᠩᠬᠦ ᠲᠣᠷᠭᠤᠭᠠᠨ᠎ᠠ︔      ︵ᠨᠢᠭᠡ︶  ᠠᠶᠤᠯᠭᠦᠶ ᠠᠵᠢᠯᠯᠠᠬᠤ ᠳᠦᠷᠢᠮᠵᠢᠯ ᠪᠠ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ ᠲᠡᠭᠦᠯᠳᠡᠷᠵᠢᠭᠦᠯᠦᠭᠡ ᠦᠭᠡᠢ ᠵᠢᠴᠢ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠲᠠᠩᠰᠠ ᠡᠪᠬᠡᠮᠡᠯ ᠤᠨ ᠲᠦᠷᠢᠮ ᠢ ᠪᠠᠶᠢᠭᠤᠯᠣᠭᠰᠠᠨ ᠦᠭᠡᠢ︔        ︵ᠬᠤᠶᠠᠷ︶  ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠠᠯᠲᠠ ᠪᠣᠯᠣᠨ ᠠᠶᠤᠯᠭᠦᠶ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶ ᠲᠣᠭᠲᠠᠭ᠎ᠠ ᠦᠭᠡᠢ ᠵᠢᠴᠢ ᠠᠶᠤᠯᠭᠦᠶ ᠦᠢᠯᠡᠳᠪᠦᠷᠢᠯᠡᠯ ᠤᠨ ᠬᠠᠷᠠᠯᠲᠠ ᠶᠢᠨ ᠬᠢᠨᠠᠨ ᠰᠢᠯᠭᠠᠯᠲᠠ ᠳᠤ ᠣᠷᠣᠯᠴᠠᠭᠰᠠᠨ ᠦᠭᠡᠢ︔      ︵ᠭᠤᠷᠪᠠ︶  ᠲᠣᠭᠲᠠᠭᠰᠠᠨ ᠬᠤᠭᠤᠴᠠᠭ᠎ᠠ ᠲᠠᠢ ᠪᠠᠷ‌ᠠᠮᠤᠷ ᠲᠦᠪᠰᠢᠨ ᠤ ᠠᠳᠡᠯ ᠢ ᠪᠦᠷᠢᠳᠬᠡᠵᠦ᠂ ᠵᠠᠳᠠᠯᠤᠯᠲᠠ‌‍ᠬᠢᠭᠰᠡᠨ ᠦᠭᠡᠢ ᠪᠤᠶᠤ ᠮᠠᠭᠤ ᠠᠭᠤᠷ ᠠᠮᠢᠰᠬᠤᠯ ᠳᠤ ᠴᠢᠭᠯᠡᠭᠦᠯᠦᠨ ᠬᠠᠨᠳᠤᠯᠭᠠᠲᠤ ᠴᠢᠨᠠᠷᠲᠠᠶ ᠰᠡᠷᠭᠡᠢᠯᠡᠬᠦ ᠠᠷᠭ᠎ᠠ ᠬᠡᠮᠵᠢᠶ᠎ᠡ ᠲᠤᠷᠠᠳᠴᠣ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠬᠢᠭᠰᠡᠨ ᠦᠭᠡᠢ  ᠃      ︵ᠲᠥᠷᠪᠡ︶  ᠠᠵᠢᠯᠯᠠᠬᠤ ᠬᠥᠮᠦᠰ ᠤᠨ ᠤᠷᠢᠵᠤ ᠬᠡᠷᠡᠭᠯᠡᠬᠦ ᠵᠢᠴᠢ ᠠᠵᠢᠯ ᠠᠴᠠ ᠨᠢ ᠰᠢᠯᠵᠢᠭᠦᠯᠬᠦ ᠪᠠ ᠠᠵᠢᠯ  ᠠᠴᠠ ᠨᠢ ᠪᠠᠭᠤᠯᠭᠠᠬᠤ ᠲᠦᠷᠢᠮ ᠢ ᠲᠣᠭᠲᠠᠭᠠᠭᠰᠠᠨ ᠤᠢᠭᠡᠢ᠂ ᠡᠰᠡᠬᠦᠯ᠎ᠡ ᠴᠠᠭ ᠲᠤᠬᠠᠶ ᠳᠤᠨᠢ ᠠᠵᠢᠯ ᠠᠴᠠ ᠨᠢ ᠰᠢᠯᠵᠢᠭᠦᠯᠬᠦ ᠪᠤᠶᠤ ᠠᠵᠢᠯ ᠠᠴᠠ ᠨᠢ ᠪᠠᠭᠤᠯᠭᠠᠭᠰᠠᠨ ᠦᠭᠡᠢ︔      ︵ᠲᠠᠪᠤ︶  ᠠᠵᠢᠯᠯᠠᠬᠤ ᠬᠥᠮᠦᠰ ᠤᠨ ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ ᠠᠶᠤᠯᠭᠦᠶ ᠶᠢᠨ ᠦᠵᠡᠯ ᠤᠬᠠᠮᠰᠠᠷ ᠪᠠ ᠠᠶᠤᠯᠭᠦᠶ ᠠᠵᠢᠯᠯᠠᠬᠤ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠬᠢᠭᠰᠡᠨ ᠥᠭᠡᠢ ᠪᠤᠶᠤ ᠵᠢᠯᠣᠭᠤᠴᠢ ᠶᠢᠨ ᠠᠮᠤᠷ ᠲᠦᠪᠰᠢᠨ ᠤ ᠪᠣᠯᠪᠠᠰᠤᠷᠠᠯ ᠤᠨ ᠠᠩᠬᠢ ᠶᠢ ᠵᠣᠬᠢᠶᠠᠨ ᠪᠠᠶᠢᠭᠤᠯᠵᠣ ᠡᠷᠬᠢᠯᠡᠭᠰᠡᠨ ᠦᠭᠡᠢ᠂ ᠡᠰᠡᠭᠦᠯ᠎ᠡ ᠠᠶᠤᠯᠭᠦᠶ ᠦᠢᠯᠡᠳᠪᠦᠷᠢᠯᠡᠯ ᠪᠤᠯᠤᠨ‌ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠲᠡᠭᠡᠭᠡᠪᠦᠷᠢ ᠵᠡᠷᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠭᠠᠨ ᠬᠥᠮᠦᠵᠢᠯ  ᠬᠢᠭᠰᠡᠨ ᠦᠭᠡᠢ ᠪᠤᠶᠤ ᠪᠣᠯᠪᠠᠰᠤᠷᠠᠭᠤᠯᠤᠯ ᠤᠨ ᠬᠢᠴᠢᠶᠡᠯᠯᠡᠬᠦ ᠴᠠᠭ ᠢ ᠭᠦᠢᠴᠡᠭᠡᠭᠰᠡᠨ ᠦᠭᠡᠢ᠃      ︵ᠵᠢᠷᠭᠤᠭ᠎ᠠ︶  ᠬᠠᠷᠢᠶᠠᠯᠠᠭᠳᠠᠬᠤ ᠵᠠᠮ ᠲᠡᠭᠡᠭᠡᠪᠦᠷᠢ ᠶᠢᠨ ᠮᠠᠰᠢᠨ ᠲᠡᠷᠭᠡ ᠶᠢᠨ ᠠᠶᠤᠯ ᠠᠴᠠ ᠰᠡᠷᠭᠡᠶᠢᠯᠡᠬᠦ ᠪᠦᠰᠡ᠂ ᠠᠮᠤᠷ ᠲᠦᠪᠰᠢᠨ ᠤ ᠠᠯᠤᠬ᠎ᠠ᠂ ᠭᠠᠯ ᠤᠨᠲᠠᠷᠭᠠᠭᠤᠷ᠂ ᠰᠠᠭᠠᠳ ᠤᠨ ᠲᠡᠷᠭᠡ ᠰᠡᠷᠡᠮᠵᠢᠯᠡᠭᠦᠯᠬᠦ ᠲᠡᠮᠳᠡᠭ ᠲᠣᠬᠢᠷᠠᠭᠤᠯᠬᠤ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠂ ᠠᠶᠤᠯᠭᠦᠢ ᠶᠢᠨ ᠭᠠᠷᠴᠠ᠂ ᠪᠠᠴᠢᠮ ᠪᠠᠶᠢᠳᠠᠯ ᠢ ᠠᠷᠭᠠᠴᠠᠬᠤ ᠡᠭᠦᠳᠡ᠂ ᠪᠠᠴᠢᠮ ᠪᠠᠶᠢᠳᠠᠯ ᠢ ᠠᠷᠭᠠᠴᠠᠬᠤ ᠤᠷᠤᠢ ᠶᠢᠨ ᠴᠣᠩᠬᠤ ᠡᠩ ᠤᠨ ᠶᠤᠰᠤᠭᠠᠷ ᠨᠡᠭᠡᠭᠡᠭᠳᠡᠬᠦ ᠦᠭᠡᠢ︔      ︵ᠲᠣᠯᠤᠭ᠎ᠠ︶  ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠪᠠ ᠠᠶᠤᠯᠭᠦᠶ ᠶᠢᠨ ᠡᠭᠡᠯᠵᠢᠲᠦ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠤᠭᠰᠠᠨ ᠦᠭᠡᠢ᠂ ᠬᠤᠷᠠᠯ ᠤᠨ ᠳᠠᠩᠰᠠ ᠡᠪᠬᠡᠮᠡᠯ ᠪᠠᠶᠢᠭᠤᠯᠤᠭᠰᠠᠨ ᠦᠭᠡᠢ︔      ︵ᠨᠠᠢᠮᠠᠨ︶  ᠢᠯᠡᠴᠢᠯᠡᠨ ᠮᠡᠳᠡᠭᠦᠯᠬᠦ ᠤᠲᠠᠰᠤᠨ ᠳ᠋ᠤᠭᠠᠷ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠭᠰᠡᠨ ᠦᠭᠡᠢ ᠪᠤᠶᠤ ᠢᠯᠡᠴᠢᠯᠡᠵᠦ ᠵᠠᠭᠠᠯᠳᠤᠭᠰᠠᠨ ᠤᠴᠢᠷ ᠢ ᠴᠠᠭ ᠳᠠᠷᠤᠶ ᠳᠤᠨᠢ ᠪᠠᠶᠢᠴᠠᠭᠠᠨ ᠬᠠᠷᠭᠤᠭᠤᠯᠵᠤ ᠰᠢᠢᠳᠪᠦᠷᠢᠯᠡᠭᠰᠡᠨ ᠦᠭᠡᠢ︔      ᠳᠦᠴᠢᠨ ᠳᠣᠯᠣᠳᠤᠭᠠᠷ ᠵᠦᠢᠯ  ᠲᠤᠰ ᠠᠷᠭ᠎ᠠ ᠳᠤ ᠲᠤᠭᠲᠠᠭᠠᠭᠰᠠᠨ ᠳᠤᠤᠷᠠᠬᠢ ᠦᠢᠯᠡ ᠠᠵᠢᠯᠯᠠᠭ᠎ᠠ ᠶᠢᠨ ᠨᠢᠭᠡ ᠶᠢ ᠵᠦᠷᠢᠴᠡᠭᠰᠡᠨ ᠪᠠᠶᠢᠪᠠᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠵᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠤᠨ᠎ᠠ᠂ ᠡᠭᠦᠨ ᠤ ᠬᠠᠮᠲᠤ 5000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠲᠣᠷᠣᠭᠰᠢ ᠮᠥᠩᠬᠦ ᠲᠣᠷᠭᠤᠭᠠᠨ᠎ᠠ  ᠄      ︵ᠨᠢᠭᠡ︶  ᠠᠮᠤᠷ ᠲᠦᠪᠰᠢᠨ ᠢ ᠪᠠᠶᠢᠴᠠᠭᠠᠬᠤ ᠪᠠ ᠠᠶᠠᠨᠴᠢᠳ ᠤᠨ ᠲᠡᠭᠡᠭᠡᠪᠦᠷᠢ ᠶᠢᠨ ᠮᠠᠰᠢᠨ ᠤ ᠥᠷᠲᠡᠭᠡᠨ ᠠᠴᠠ ᠭᠠᠷᠬᠤ ᠳᠤ ᠪᠠᠶᠢᠴᠠᠭᠠᠬᠤ ᠠᠵᠢᠯ ᠱᠠᠭᠠᠷᠳᠠᠯᠭ᠎ᠠ ᠳᠤ ᠬᠦᠷᠥᠭᠰᠡᠨ ᠦᠭᠡᠢ ᠠᠴᠠ ᠪᠤᠯᠵᠤ ᠠᠶᠤᠯᠲᠠᠢ ᠪᠣᠳᠠᠰ ᠢ ᠥᠷᠲᠡᠭᠡᠨ ᠳᠤ ᠣᠷᠤᠭᠤᠯᠵᠣ ᠲᠡᠷᠭᠡᠨ ᠳᠤ  ᠭᠠᠷᠭᠠᠰᠠᠨ︔      ︵ᠬᠤᠶᠠᠷ︶  ᠲᠡᠷᠭᠡ ᠠᠷᠠᠴᠢᠯᠠᠵᠤ ᠬᠠᠮᠠᠭᠠᠯᠠᠬᠤ ᠲᠥᠯᠥᠪᠯᠡᠭᠡ ᠲᠣᠭᠲᠠᠭᠠᠭᠰᠠᠨ ᠦᠭᠡᠢ᠂ ᠲᠡᠷᠭᠡ ᠬᠥᠰᠬᠡ ᠳᠤ ᠱᠠᠭᠠᠷᠳᠠᠯᠭ᠎ᠠ ᠶᠣᠰᠣᠭᠠᠷ ᠡᠳᠦᠷ ᠲᠤᠳᠤᠮ ᠤᠨ ᠬᠠᠮᠠᠭᠠᠯᠠᠯᠲᠠ ᠬᠢᠭᠰᠡᠨ ᠦᠭᠡᠢ︔      ︵ᠭᠤᠷᠪᠠ︶  ︽ᠭᠤᠷᠪᠠ ᠶᠢ ᠣᠷᠤᠭᠤᠯᠠᠬᠤ ᠦᠭᠡᠢ᠂  ᠵᠢᠷᠭᠤᠭ᠎ᠠ ᠶᠢ ᠭᠠᠷᠭᠠᠬᠤ ᠦᠭᠡᠢ  ︾ ᠲᠥᠷᠢᠮ᠂ ︽ᠲᠠᠪᠤ ᠶᠢ ᠵᠦᠷᠢᠴᠡᠬᠦ ᠦᠭᠡᠢ᠂ ᠬᠤᠶᠠᠷ ᠢ ᠪᠠᠲᠤᠯᠠᠬᠤ︾ ᠠᠮᠠᠯᠠᠯᠲᠠ ᠵᠡᠷᠭᠡ ᠠᠶᠤᠯᠭᠦᠶ ᠶᠢᠨ ᠬᠠᠮᠢᠶᠠᠷᠤᠯᠲᠠ ᠶᠢᠨ ᠲᠣᠭᠲᠠᠭᠠᠯ ᠵᠢᠴᠢ ᠠᠶᠤᠯᠭᠦᠶ ᠶᠢᠨ ᠮᠡᠳᠡᠭᠳᠡᠯ᠂ ᠵᠢᠯᠣᠭᠤᠴᠢ ᠶᠢᠨ ᠠᠮᠤᠷ ᠲᠦᠪᠰᠢᠨ ᠤ ᠠᠮᠠᠯᠠᠯᠲᠠ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠦᠭᠡᠢ  ︔      ︵ᠳᠥᠷᠪᠡ︶  ᠠᠶᠠᠨᠴᠢᠳ ᠤᠨ ᠥᠷᠲᠡᠭᠡ ᠶᠢᠨ ᠠᠶᠤᠯᠲᠠᠶ ᠪᠣᠳᠠᠰ ᠢ ᠪᠠᠶᠢᠴᠠᠭᠠᠬᠤ ᠠᠵᠢᠯᠳᠡᠠ ᠪᠣᠯᠪᠠᠰᠤᠷᠠᠯ ᠬᠦᠷᠲᠡᠭᠰᠡᠨ ᠤᠢᠭᠡᠢ ᠪᠤᠶᠤ ᠠᠵᠢᠯ ᠤᠨ ᠬᠢᠷᠢ ᠬᠡᠮ ᠤᠨ ᠦᠨᠡᠮᠯᠡᠯ ᠣᠯᠤᠭᠰᠠᠨ ᠦᠭᠡᠢ ᠪᠤᠶᠤ ᠦᠨᠡᠮᠯᠡᠯ ᠠᠪᠤᠭᠰᠠᠨ ᠦᠭᠡᠢ ᠪᠠᠷ ᠠᠵᠢᠯ ᠤᠨ ᠪᠠᠶᠢᠷᠢ ᠳᠤ ᠭᠠᠷᠣᠭᠰᠠᠨ︔      ︵ᠲᠠᠪᠤ︶  ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ ᠪᠣᠯᠤᠨ ᠰᠤᠷᠭᠠᠨ ᠬᠥᠮᠦᠵᠢᠯ ᠪᠠ ᠪᠣᠯᠪᠠᠰᠤᠷᠠᠭᠤᠯᠤᠯ ᠤᠨ ᠲᠠᠩᠰᠠ ᠡᠪᠬᠡᠮᠡᠯ ᠪᠠᠶᠢᠭᠤᠯᠣᠭᠰᠠᠨ ᠤᠢᠭᠡᠢ ᠡᠰᠡᠭᠦᠯ᠎ᠡ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠶᠢᠨ ᠠᠮᠤᠷ ᠲᠦᠪᠰᠢᠨ ᠤ ᠰᠠᠨᠠᠭᠤᠯᠭ᠎ᠠ᠂ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠶᠠᠳᠠᠷᠠᠭᠰᠠᠨ ᠪᠠᠶᠢᠳᠠᠯ ᠢᠶᠠᠷ ᠮᠠᠰᠢᠨ ᠵᠢᠯᠣᠭᠤᠳᠬᠤ ᠶᠢ ᠰᠡᠷᠭᠡᠶᠢᠯᠡᠬᠦ ᠲᠦᠷᠢᠮ ᠪᠣᠯᠤᠨ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠶᠢᠨ ᠵᠢᠯᠣᠭᠤᠳᠬᠤ ᠲᠥᠷᠢᠮᠰᠢᠯ ᠢ ᠪᠠᠶᠢᠭᠤᠯᠣᠭᠰᠠᠨ ᠦᠭᠡᠢ  ᠃      ︵ᠵᠢᠷᠭᠤᠭ᠎ᠠ︶  ᠠᠶᠠᠨᠴᠢᠳ ᠤᠨ ᠲᠡᠷᠭᠡᠨ ᠵᠢᠯᠣᠭᠤᠴᠢ ᠶᠢᠨ ᠡᠬᠢ ᠰᠤᠷᠪᠤᠯᠵᠢ ᠶᠢᠨ ᠳ᠋ᠠᠶᠢᠲ᠋ᠠ ᠬᠥᠮᠥᠷᠭᠡ  ᠪᠠᠶᠢᠭᠤᠯᠤᠭᠰᠠᠨ ᠦᠭᠡᠢ᠂ ᠠᠶᠠᠨᠴᠢᠨ ᠤ ᠮᠠᠰᠢᠨ ᠲᠡᠷᠭᠡ ᠵᠢᠯᠤᠭᠤᠳᠬᠤ ᠨᠥᠬᠦᠴᠡᠯ ᠳᠤ ᠨᠡᠶᠢᠴᠡᠬᠦ ᠦᠭᠡᠶ ᠵᠢᠯᠣᠭᠤᠴᠢ ᠮᠠᠰᠢᠨ ᠲᠡᠷᠭᠡ ᠵᠢᠯᠣᠭᠤᠳᠣᠭᠰᠠᠨ ᠠᠵᠢᠯᠯᠠᠭ᠎ᠠ᠃      ᠳᠦᠴᠢᠨ ᠨᠠᠢᠮᠠᠳᠤᠭᠠᠷ ᠵᠦᠢᠯ  ᠠᠶᠤᠯᠭᠦᠶ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠰᠠᠯᠠᠭ᠎ᠠ ᠮᠥᠴᠢᠷ   ᠯᠦᠭᠡ ᠶᠢᠨ ᠬᠠᠮᠲᠤᠷᠤᠯᠴᠠᠭ᠎ᠠ ᠪᠠᠨ ᠴᠢᠩᠭᠠᠳᠬᠠᠨ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠵᠦ᠂ ᠠᠶᠤᠯᠭᠦᠶ ᠦᠢᠯᠡᠳᠪᠦᠷᠢᠯᠡᠯ ‍ᠤᠨ‌ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠬᠦᠯᠬᠦ ᠶᠢ ᠴᠢᠩᠭᠠᠳᠬᠠᠨ᠎ᠠ᠃      ᠳᠤᠯᠤᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ      ᠳᠥᠴᠢ ᠶᠢᠰᠦᠳᠦᠭᠡᠷ ᠵᠦᠢᠯ  ᠲᠤᠰ ᠠᠷᠭ᠎ᠠ ᠶᠢᠨ ᠳᠣᠣᠷ᠎ᠠ ᠵᠢᠭᠰᠠᠭᠠᠭᠰᠠᠨ ᠦᠭᠡ ᠶᠢᠨ ᠤᠳᠬ᠎ᠠ᠄      ︵ᠨᠢᠭᠡ︶  ᠲᠤᠰ ᠠᠷᠭ᠎ᠠ ᠳᠤ ᠵᠢᠭᠠᠵᠤ ᠪᠠᠶᠢᠭ᠎ᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠤᠨ ᠥᠷᠲᠡᠭᠡ ᠠᠴᠠ ᠲᠤᠭᠲᠠᠭᠠᠵᠤ ᠬᠡᠷᠡᠭᠵᠢᠭᠦᠯᠦᠭᠰᠡᠨ ᠳᠦᠷᠢᠮ ᠳᠤ ᠪᠠᠭᠳᠠᠬᠤ ᠨᠢ᠄ ᠠᠶᠤᠯᠭᠦᠶ ᠡᠵᠡᠩᠨᠡᠯᠲᠡ ᠶᠢᠨ ᠳᠦᠷᠢᠮ᠂ ᠠᠶᠤᠯᠭᠦᠶ ᠦᠢᠯᠡᠳᠪᠦᠷᠢᠯᠡᠯ ᠤᠨ ᠬᠢᠨᠠᠨ ᠪᠠᠶᠢᠴᠠᠭᠠᠬᠤ ᠲᠥᠷᠢᠮ᠂ ᠬᠠᠷᠠᠯᠲᠠ ᠶᠢ ᠬᠢᠨᠠᠨ ᠰᠢᠯᠭᠠᠬᠤ ᠪᠠ ᠱᠠᠩᠨᠠᠵᠤ ᠲᠣᠷᠭᠤᠬᠤ ᠲᠦᠷᠢᠮ᠂ ᠠᠶᠤᠯᠭᠦᠶ ᠦᠢᠯᠡᠳᠪᠦᠷᠢᠯᠡᠯ ᠤᠨ ᠠᠵᠢᠯᠯᠠᠬᠤ ᠳᠦᠷᠢᠮᠵᠢᠯ ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠪᠠ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠲᠦᠷᠢᠮ ᠂ ᠠᠶᠤᠯᠭᠦᠶ ᠦᠢᠯᠡᠳᠪᠦᠷᠢᠯᠡᠯ ‍ᠤᠨ‌‍ᠰᠤᠷᠭᠠᠨ ᠬᠥᠮᠦᠵᠢᠯ ᠤᠬᠠᠭᠤᠯᠭ᠎ᠠ ᠶᠢᠨ ᠳᠦᠷᠢᠮ᠂ ᠬᠥᠮᠦᠨ᠂ ᠲᠡᠷᠭᠡ᠂ ᠪᠡᠯᠡᠳᠬᠡᠮᠵᠢ᠂ ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠬᠠᠮᠢᠶᠠᠷᠤᠯᠲᠠ ᠶᠢᠨ ᠳᠦᠷᠢᠮ᠂ ᠠᠳᠡᠯ ᠤᠨ ᠬᠠᠷᠢᠭᠤᠴᠠᠯᠭ᠎ᠠ ᠶᠢ ᠭᠡᠳᠡᠷᠬᠦ ᠪᠠᠶᠢᠴᠠᠭᠠᠬᠤ ᠪᠠ ᠨᠡᠬᠡᠮᠵᠢᠯᠡᠬᠦ ᠳᠦᠷᠢᠮ ᠂ ᠠᠳᠡᠯ ᠤᠨ ᠪᠠᠴᠢᠮ ᠪᠠᠶᠢᠳᠠᠯ ᠢ ᠠᠪᠤᠷᠠᠨ ᠲᠤᠰᠠᠯᠠᠬᠤ ᠪᠡᠯᠡᠳᠬᠡᠯ ᠲᠥᠰᠦᠯ ᠂ ᠠᠶᠠᠨᠴᠢᠳ ᠤᠨ ᠲᠡᠷᠭᠡᠨ ᠵᠢᠯᠣᠭᠤᠴᠢ ᠶᠢᠨ ᠠᠮᠠᠷᠠᠬᠤ ᠭᠤᠶᠣᠴᠢᠯᠠᠯ ᠢ ᠬᠢᠨᠠᠨ ᠵᠥᠪᠰᠢᠶᠡᠷᠡᠬᠦ ᠳᠦᠷᠢᠮ ᠂ ᠠᠶᠠᠨᠴᠢᠳ ᠤᠨ ᠥᠷᠲᠡᠭᠡ ᠶᠢᠨ ᠠᠶᠤᠯᠲᠠᠶ ᠪᠣᠳᠠᠰ ᠢ ᠪᠠᠶᠢᠴᠠᠭᠠᠵᠤ ᠬᠤᠷᠢᠭᠯᠠᠬᠤ ᠲᠦᠷᠢᠮ᠂ ᠥᠷᠲᠡᠭᠡ ᠭᠠᠷᠬᠤ ᠪᠠᠶᠢᠴᠠᠭᠠᠬᠤ ᠲᠦᠷᠢᠮ᠂ ᠠᠶᠤᠯᠭᠦᠶ ᠦᠢᠯᠡᠳᠪᠦᠷᠢᠯᠡᠯ ᠤᠨ ᠰᠠᠭᠤᠷᠢ ᠳᠠᠩᠰᠠ ᠡᠪᠬᠡᠮᠡᠯ ᠤᠨ ᠲᠦᠷᠢᠮ ᠵᠡᠷᠭᠡ᠃      ︵ᠬᠤᠶᠠᠷ︶  ︽ᠭᠤᠷᠪᠠ ᠶᠢ ᠣᠷᠤᠭᠤᠯᠠᠬᠤ ᠦᠭᠡᠢ᠂  ᠵᠢᠷᠭᠤᠭ᠎ᠠ ᠶᠢ ᠭᠠᠷᠭᠠᠬᠤ ᠦᠭᠡᠢ︾ ᠭᠡᠳᠡᠭ ᠨᠢ ᠬᠠᠮᠢᠶ᠎ᠠ ᠦᠬᠡᠢ ᠬᠥᠮᠦᠨ ᠢ ᠥᠷᠲᠡᠭᠡᠨ ᠳᠤ ᠣᠷᠤᠭᠤᠯᠠᠬᠤ ᠤᠢᠭᠡᠢ︔ ᠬᠠᠮᠢᠶ᠎ᠠ ᠤᠢᠭᠡᠢ ᠲᠡᠷᠭᠡ ᠶᠢ ᠥᠷᠲᠡᠭᠡᠨ ᠳᠤ ᠣᠷᠤᠭᠤᠯᠠᠬᠤ ᠤᠢᠭᠡᠢ︔ ᠠᠮᠠᠷᠬᠠᠨ ᠰᠢᠲᠠᠬᠤ᠂ ᠠᠮᠠᠷᠬᠠᠨ ᠳᠡᠯᠪᠡᠷᠡᠬᠦ᠂ ᠠᠮᠠᠷᠬᠠᠨ ᠢᠯᠵᠢᠷᠡᠬᠦ ᠵᠡᠷᠭᠡ ᠠᠶᠤᠯᠳᠤ ᠪᠣᠳᠠᠰ ᠢ ᠥᠷᠲᠡᠭᠡᠨ ᠳᠤ ᠣᠷᠤᠭᠤᠯᠠᠬᠤ ᠦᠭᠡᠢ᠃ ᠠᠶᠠᠨᠴᠢᠳ ᠤᠨ ᠲᠡᠷᠭᠡ ᠳᠠᠭᠠᠭᠠᠴᠠ ᠠᠴᠠ ᠬᠡᠲᠦᠷᠡᠭᠦᠯᠦᠨ ᠠᠴᠢᠶᠠᠯᠠᠭᠰᠠᠨ᠂ ᠠᠭᠤᠷ ᠠᠮᠢᠰᠬᠤᠯ ᠲᠣᠬᠢᠷᠠᠮᠵᠢ ᠦᠭᠡᠢ ᠪᠣᠯ ᠥᠷᠲᠡᠭᠡᠨ ᠠᠴᠠ ᠭᠠᠷᠭᠠᠬᠤ ᠦᠭᠡᠢ︔ᠠᠮᠤᠷ ᠲᠦᠪᠰᠢᠨ ᠤ ᠡᠭᠡᠯᠵᠢ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠣᠯ ᠥᠷᠲᠡᠭᠡᠨ ᠠᠴᠠ ᠭᠠᠷᠭᠠᠬᠤ ᠦᠭᠡᠢ︔ ᠵᠢᠯᠣᠭᠤᠴᠢ ᠶᠢᠨ ᠬᠢᠷᠢ ᠬᠡᠮ ᠳᠤ ᠨᠡᠶᠢᠴᠡᠬᠦ ᠦᠭᠡᠶ ᠪᠤᠯ ᠥᠷᠲᠡᠭᠡᠨ ᠠᠴᠠ ᠭᠠᠷᠭᠠᠬᠤ ᠦᠭᠡᠢ᠃ ᠠᠶᠠᠨᠴᠢᠳ ᠤᠨ ᠲᠡᠷᠭᠡᠨ ᠤ ᠬᠡᠷᠡᠴᠢ ᠲᠡᠮᠳᠡᠭ ᠪᠦᠷᠢᠨ ᠦᠭᠡᠢ ᠪᠣᠯ  ᠥᠷᠲᠡᠭᠡᠨ ᠠᠴᠠ ᠭᠠᠷᠭᠠᠬᠤ ᠦᠭᠡᠢ᠃ ᠥᠷᠲᠡᠭᠡᠨ ᠠᠴᠠ ᠭᠠᠷᠬᠤ ᠳᠠᠩᠰᠠᠯᠠᠬᠤ ᠬᠦᠰᠦᠨᠦᠭᠲᠦ ᠶᠢ ᠬᠢᠨᠠᠨ ᠬᠠᠷᠭᠤᠭᠤᠯᠵᠤ ᠭᠠᠷ ᠤᠨ ᠦᠰᠦᠭ  ᠵᠢᠷᠤᠭᠰᠠᠨ ᠦᠭᠡᠢ ᠪᠤᠯ ᠥᠷᠲᠡᠭᠡᠨ ᠠᠴᠠ ᠭᠠᠷᠭᠠᠬᠤ ᠦᠭᠡᠢ  ᠃ ᠠᠶᠠᠨᠴᠢᠨ᠂ ᠵᠢᠯᠣᠭᠤᠴᠢ ᠠᠶᠤᠯ ᠠᠴᠠ ᠬᠠᠮᠠᠭᠠᠯᠠᠬᠤ ᠪᠦᠰᠡ ᠪᠦᠰᠡᠯᠡᠭᠰᠡᠨ ᠦᠭᠡᠢ ᠪᠠ ᠵᠢᠯᠣᠭᠤᠴᠢ ᠠᠮᠤᠷ ᠲᠦᠪᠰᠢᠨ ᠤ ᠠᠮᠠᠯᠠᠯᠲᠠ ᠬᠢᠭᠰᠡᠨ ᠦᠭᠡᠢ ᠪᠤᠯ ᠥᠷᠲᠡᠭᠡᠨ ᠠᠴᠠ ᠭᠠᠷᠭᠠᠬᠤ ᠦᠭᠡᠢ᠃      ︵ᠭᠤᠷᠪᠠ︶  ︽ᠲᠠᠪᠤ ᠶᠢ ᠵᠦᠷᠢᠬᠦ ᠦᠭᠡᠢ᠂ ᠬᠤᠶᠠᠷ ᠢ ᠪᠠᠲᠤᠯᠠᠬᠤ︾ ᠲᠤᠬᠠᠶᠢᠯᠠᠪᠠᠯ ᠬᠤᠷᠳᠤᠴᠠ ᠬᠡᠲᠦᠷᠡᠭᠰᠡᠨ ᠦᠭᠡᠢ᠂ ᠵᠠᠮ ᠳᠡᠭᠡᠷᠡᠬᠢ ᠬᠤᠷᠳᠤᠴᠠ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠳᠠᠭᠠᠨ᠎ᠠ︔ ᠲᠣᠭᠲᠠᠭᠰᠠᠨ ᠬᠥᠮᠦᠨ ᠤ ᠲᠤᠭ᠎ᠠ ᠠᠴᠠ ᠬᠡᠲᠦᠷᠡᠭᠦᠯᠬᠦ ᠦᠭᠡᠶ᠂ ᠲᠡᠷᠭᠡᠨ ᠳᠠᠬᠢ ᠠᠶᠠᠨᠴᠢᠳ ᠤᠨ ᠲᠤᠭ᠎ᠠ ᠶᠢ ᠬᠢᠨᠠᠨ ᠲᠣᠭᠲᠠᠭᠠᠭᠰᠠᠨ ᠲᠡᠭᠡᠭᠡᠪᠦᠷᠢᠯᠡᠬᠦ ᠬᠥᠮᠥᠨ ᠤ ᠲᠤᠭ᠎ᠠ ᠠᠴᠠ ᠬᠡᠲᠦᠷᠡᠭᠦᠯᠬᠦ ᠦᠭᠡᠶ︔ ᠶᠠᠳᠠᠷᠠᠵᠤ ᠵᠦᠳᠡᠷᠡᠭᠰᠡᠨ ᠪᠠᠶᠢᠳᠠᠯ ᠳᠤ ᠵᠢᠯᠣᠭᠤᠳᠬᠤ ᠦᠭᠡᠢ᠂ ᠡᠳᠦᠷ ᠲᠤ ᠵᠠᠯᠭᠠᠪᠡᠷ ᠲᠡᠷᠭᠡ ᠵᠢᠯᠣᠭᠤᠳᠬᠤ  ᠳᠠᠭᠠᠨ 4 ᠴᠠᠭ ᠠᠴᠠ ᠬᠡᠲᠦᠷᠡᠬᠦ ᠦᠭᠡᠶ᠂ ᠰᠥᠨᠢ ᠪᠠᠷ ᠵᠠᠯᠭᠠᠪᠡᠷ ᠲᠡᠷᠭᠡ ᠵᠢᠯᠣᠭᠤᠳᠬᠤ ᠳᠠᠭᠠᠨ 2 ᠴᠠᠭ ᠠᠴᠠ ᠬᠡᠲᠦᠷᠡᠬᠦ ᠦᠭᠡᠶ︔ ᠮᠠᠰᠢᠨ ᠵᠢᠯᠣᠭᠤᠳᠬᠤ ᠳᠤ ᠭᠠᠷ ᠤᠲᠠᠰᠤ ᠪᠠᠷ ᠶᠠᠷᠢᠬᠤ ᠦᠭᠡᠢ᠂ ᠲᠡᠷᠭᠡ ᠵᠢᠯᠣᠭᠤᠳᠬᠤ ᠶᠠᠪᠤᠴᠠ ᠳᠤ ᠠᠩᠬᠠᠷᠤᠯ ᠢᠶᠠᠨ ᠲᠥᠪᠯᠡᠷᠡᠭᠦᠯᠦᠨ᠎ᠡ  ︔ ᠬᠥᠳᠡᠯᠦᠩᠭᠦᠶ ᠬᠢᠨᠠᠨ ᠡᠵᠡᠮᠳᠡᠬᠦ ᠰᠢᠰᠲ᠋ᠧᠮ ᠢ ᠬᠠᠭᠠᠬᠤ ᠦᠭᠡᠶ᠂ ᠲᠡᠷᠭᠡ ᠶᠢᠨ ᠠᠵᠢᠯᠯᠠᠭ᠎ᠠ ᠴᠠᠭ ᠢᠮᠠᠭᠲᠠ ᠰᠦᠯᠵᠢᠶᠡᠨ ᠳᠡᠭᠡᠷ᠎ᠡ ᠪᠠᠶᠢᠬᠤ ᠶᠢ ᠪᠡᠶᠠᠯᠡᠭᠦᠯᠥᠨ᠎ᠡ︔ ᠠᠶᠠᠨᠴᠢᠳ ᠠᠶᠤᠯ ᠠᠴᠠ ᠬᠠᠮᠠᠭᠠᠯᠠᠬᠤ ᠪᠦᠰᠡ ᠪᠠᠨ ᠪᠦᠰᠡᠯᠡᠭᠰᠡᠨ ᠪᠠᠶᠢᠬᠤ ᠶᠢ ᠪᠠᠲᠤᠯᠠᠵᠤ᠂ ᠪᠦᠬᠦ ᠶᠠᠪᠤᠴᠠ ᠳᠤ ᠱᠠᠭᠠᠷᠳᠠᠨ᠎ᠠ︔ ᠠᠶᠠᠨᠴᠢᠳ ᠤᠨ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠤ᠂ ᠠᠶᠠᠨ ᠵᠠᠮ ᠤᠨ ᠠᠮᠤᠷ ᠮᠡᠨᠳᠦ ᠶᠢ ᠪᠠᠲᠣᠯᠠᠨ᠎ᠠ᠃      ᠲᠠᠪᠢᠳᠤᠭᠠᠷ ᠵᠦᠢᠯ  ᠲᠤᠰ ᠠᠷᠭ᠎ᠠ ᠶᠢ 2018 ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号