︽ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ ︿ᠵᠠᠩᠭᠠᠷ﹀ ᠰᠤᠳᠤᠯᠤᠯ ᠤᠨ ᠵᠠᠯᠠᠭᠤ ᠡᠷᠳᠠᠮᠳᠠᠳ ᠤᠨ ᠵᠤᠨ ᠤ ᠰᠤᠷᠭᠠᠭᠤᠯᠢ︾ ᠦᠪᠤᠷ ᠮᠤᠩᠭᠤᠯ ᠤᠨ ᠶᠡᠭᠡ ᠰᠤᠷᠭᠠᠭᠤᠯᠢ ᠳᠤ ᠪᠤᠯᠪᠠ
ᠨᠡᠶᠢᠲᠡᠯᠡᠭᠰᠡᠨ ᠴᠠᠭ᠄
2018-08-15
      2018 ᠤᠨ ᠤ 8 ᠰᠠᠷ᠎ᠠ ᠶᠢᠨ 12 — 13 ᠤ ᠡᠳᠤᠷ ᠪᠤᠯᠳᠠᠯ᠎ᠠ᠂ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠬᠡᠳᠤ ᠰᠤᠷᠭᠠᠭᠤᠯᠢ ᠪᠤᠯᠤᠨ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ︽ᠵᠠᠩᠭᠠᠷ︾ ᠰᠤᠳᠤᠯᠤᠯ ᠤᠨ ᠲᠦᠪ ᠠᠴᠠ  ᠡᠷᠬᠢᠯᠡᠭᠰᠠᠨ ︽ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ ︿ᠵᠠᠩᠭᠠᠷ﹀ ᠰᠤᠳᠤᠯᠤᠯ ᠤᠨ ᠵᠠᠯᠠᠭᠤ ᠡᠷᠳᠠᠮᠳᠠᠳ ᠤᠨ ᠵᠤᠨ ᠤ ᠰᠤᠷᠭᠠᠭᠤᠯᠢ︾ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠬᠡᠳᠤ ᠰᠤᠷᠭᠠᠭᠤᠯᠢ ᠳᠤ ᠠᠮᠵᠢᠯᠳᠠ ᠲᠠᠢ ᠶᠠᠪᠤᠭᠳᠠᠪᠠ᠃      ᠲᠤᠰ ᠤᠳᠠᠭᠠᠨ ᠤ ᠵᠤᠨ ᠤ ᠰᠤᠷᠭᠠᠭᠤᠯᠢ ᠳᠤ ᠤᠷᠤᠰ ᠤᠨ ᠬᠤᠯᠪᠤᠭᠠᠨ ᠤ ᠬᠠᠯᠢᠮᠠᠭ ᠶᠡᠭᠡ ᠰᠤᠷᠭᠠᠭᠤᠯᠢ᠂ ᠬᠠᠩᠭᠠᠷᠢ ᠤᠯᠤᠰ ᠤᠨ ᠦᠲᠪᠤᠱ ᠯᠤᠷᠠᠨᠳ᠋ ᠨᠡᠷᠡᠮᠵᠢᠳᠤ ᠶᠡᠭᠡ ᠰᠤᠷᠭᠠᠭᠤᠯᠢ᠂ ᠶᠠᠫᠤᠨ ᠤᠯᠤᠰ ᠤᠨ ᠴᠢᠪᠠ ᠶᠡᠭᠡ ᠰᠤᠷᠭᠠᠭᠤᠯᠢ᠂ ᠮᠤᠩᠭᠤᠯ ᠤᠯᠤᠰ ᠤᠨ ᠤᠯᠤᠰ ᠤᠨ ᠶᠡᠭᠡ ᠰᠤᠷᠭᠠᠭᠤᠯᠢ᠂ ᠮᠤᠩᠭᠤᠯ ᠤᠯᠤᠰ ᠤᠨ ᠪᠤᠯᠪᠠᠰᠤᠷᠠᠯ ᠤᠨ ᠶᠡᠭᠡ ᠰᠤᠷᠭᠠᠭᠤᠯᠢ᠂ ᠲᠦᠪ ᠤᠨ ᠦᠨᠳᠤᠰᠤᠳᠠᠨ ᠤ ᠶᠡᠭᠡ ᠰᠤᠷᠭᠠᠭᠤᠯᠢ᠂ ᠦᠪᠤᠷ ᠮᠤᠩᠭᠤᠯ ᠤᠨ ᠶᠡᠭᠡ ᠰᠤᠷᠭᠠᠭᠤᠯᠢ ᠵᠡᠷᠬᠡ 5 ᠤᠯᠤᠰ ᠤᠷᠤᠨ ᠤ 13 ᠶᠡᠭᠡ ᠲᠡᠬᠡᠳᠤ ᠰᠤᠷᠭᠠᠭᠤᠯᠢ᠂ ᠲᠤᠮᠳᠠᠳᠤ ᠰᠤᠷᠭᠠᠭᠤᠯᠢ ᠵᠢᠴᠢ ᠠᠯᠪᠠᠨ ᠪᠠᠶᠢᠭᠤᠯᠭ᠎ᠠ ᠪᠤᠯᠤᠨ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠤᠳᠤᠷᠢᠳᠤᠯᠭ᠎ᠠ᠂ ᠪᠠᠭᠰᠢ᠂ ᠰᠤᠳᠤᠯᠤᠨ ᠰᠤᠷᠤᠭᠴᠢ᠂ ᠤᠶᠤᠳᠠᠨ ᠬᠢᠬᠡᠳ ᠬᠤᠯᠪᠤᠭᠳᠠᠯ ᠪᠦᠬᠦᠢ ᠰᠤᠨᠢᠨ ᠮᠡᠳᠡᠬᠡᠯᠠᠯ ᠤᠨ ᠬᠢᠨ ᠢ ᠪᠠᠭᠳᠠᠭᠠᠭᠰᠠᠨ 60 ᠭᠠᠷᠤᠢ ᠬᠦᠮᠤᠨ ᠤᠷᠤᠯᠴᠠᠪᠠ᠃ ᠲᠤᠰ ᠤᠳᠠᠭᠠᠨ ᠤ ᠵᠤᠨ ᠤ ᠰᠤᠷᠭᠠᠭᠤᠯᠢ ᠨᠢ ᠤᠯᠤᠰ ᠤᠨ ᠲᠤᠳᠤᠭᠠᠳᠤ ᠭᠠᠳᠠᠭᠠᠳᠤ ᠶᠢᠨ ᠡᠷᠳᠠᠮᠳᠠᠳ ᠤᠨ ᠲᠤᠰᠬᠠᠢ ᠮᠡᠷᠬᠡᠵᠢᠯ ᠤᠨ ᠬᠢᠴᠢᠶᠠᠯ ᠪᠠ ᠡᠷᠳᠠᠮ ᠰᠢᠨᠵᠢᠯᠡᠬᠡᠨ ᠤ ᠶᠠᠷᠢᠯᠴᠠᠭᠠᠨ ᠬᠡᠬᠦ ᠬᠤᠶᠠᠷ ᠠᠭᠤᠯᠭ᠎ᠠ ᠪᠠᠷ ᠶᠠᠪᠤᠭᠳᠠᠪᠠ᠃ ᠡᠬᠦᠨ ᠳᠤ᠄      8 ᠰᠠᠷ᠎ᠠ ᠶᠢᠨ 12 ᠤᠨ ᠡᠳᠤᠷ ᠤᠨ ᠤᠯᠤᠰ ᠤᠨ ᠲᠤᠳᠤᠭᠠᠳᠤ ᠭᠠᠳᠠᠭᠠᠳᠤ ᠶᠢᠨ ᠡᠷᠳᠠᠮᠳᠠᠳ ᠤᠨ ᠲᠤᠰᠬᠠᠢ ᠮᠡᠷᠬᠡᠵᠢᠯ ᠤᠨ ᠬᠢᠴᠢᠶᠠᠯ ᠳᠤ ᠶᠠᠫᠤᠨ ᠤᠯᠤᠰ ᠤᠨ ᠠᠮᠠᠨ ᠤᠯᠠᠮᠵᠢᠯᠠᠯ ᠰᠤᠳᠤᠯᠤᠯ ᠤᠨ ᠨᠠᠶᠢᠭᠡᠮᠯᠢᠭ ᠤᠨ ᠤᠤᠯ ᠤᠨ ᠳᠠᠷᠤᠭ᠎ᠠ᠂ ᠴᠢᠪᠠ ᠶᠡᠭᠡ ᠰᠤᠷᠭᠠᠭᠤᠯᠢ ᠶᠢᠨ ᠫᠷᠣᠹᠧᠰᠰᠣᠷ᠂ ᠳ᠋ᠣᠺᠲ᠋ᠣᠷ ᠣᠭᠢᠬᠠᠷᠨ ᠱᠢᠨᠺᠤ ᠠᠴᠠ ︽ᠠᠷᠢᠮᠫᠢᠯ ᠤᠨ ︿ᠵᠠᠩᠭᠠᠷ﹀ ᠬᠢᠬᠡᠳ   ᠡᠧᠦ᠋ᠷᠤᠫᠠ ᠠᠽᠢᠶ᠎ᠠ ᠶᠢᠨ ᠪᠠᠭᠠᠳᠤᠷᠯᠢᠭ ᠲᠤᠤᠯᠢ ᠶᠢᠨ ᠬᠠᠷᠢᠴᠠᠭᠤᠯᠤᠯ︾ ᠬᠡᠬᠦ ᠰᠡᠳᠤᠪ ᠢᠶᠠᠷ᠂ ᠤᠷᠤᠰ ᠤᠨ ᠬᠤᠯᠪᠤᠭᠠᠨ ᠤ ᠬᠠᠯᠢᠮᠠᠭ ᠶᠡᠭᠡ ᠰᠣᠷᠭᠠᠭᠤᠯᠢ ᠶᠢᠨ ︽ᠬᠠᠮᠤᠭ ᠮᠣᠩᠭᠤᠯ ᠤᠨ ᠰᠣᠶᠣᠯ ᠤᠨ ᠦᠪ︾ ᠣᠯᠠᠨ ᠣᠯᠣᠰ ᠤᠨ ᠡᠷᠳᠠᠮ ᠰᠢᠨᠵᠢᠯᠡᠭᠡᠨ ᠤ ᠲᠦᠪ ᠤᠨ ᠵᠠᠬᠢᠷᠣᠯ᠂ ᠫᠷᠣᠹᠧᠰᠰᠣᠷ᠂ ᠳ᠋ᠣᠺᠲ᠋ᠣᠷ ᠬᠠᠪᠤᠨᠣᠸ᠋ᠨ ᠶᠸᠧᠳᠣᠺᠢᠶ᠋ᠨ ᠡᠷᠧᠨᠵᠧᠨᠣᠸ᠋ᠨ᠋ᠨ ᠠᠴᠠ ︽ᠬᠠᠯᠢᠮᠠᠭ ᠤᠨ ︿ᠵᠠᠩᠭᠠᠷ﹀ ᠰᠤᠳᠤᠯᠤᠯ ᠤᠨ ᠶᠠᠷᠤᠩᠬᠡᠢ ᠲᠤᠭᠠᠴᠢᠯ︾ ᠬᠡᠬᠦ ᠰᠡᠳᠤᠪ ᠢᠶᠠᠷ᠂ ᠤᠯᠠᠨ ᠤᠯᠤᠰ ᠤᠨ ᠮᠤᠩᠭᠤᠯ ᠰᠤᠳᠤᠯᠤᠯ ᠤᠨ ᠬᠤᠯᠪᠤᠭᠠᠨ ᠤ ᠶᠡᠷᠤᠩᠭᠡᠶᠢᠯᠡᠭᠴᠢ᠂ ᠬᠠᠩᠭᠠᠷᠢ ᠤᠯᠤᠰ ᠤᠨ ᠦᠲᠪᠤᠱ ᠯᠤᠷᠠᠨᠳ᠋ ᠨᠡᠷᠡᠮᠵᠢᠳᠤ ᠶᠡᠭᠡ ᠰᠤᠷᠭᠠᠭᠤᠯᠢ ᠶᠢᠨ ᠮᠤᠩᠭᠤᠯ ᠪᠠ ᠳᠦᠪ ᠠᠽᠢᠶ᠎ᠠ ᠶᠢᠨ ᠰᠤᠳᠤᠯᠤᠯ  ᠤᠨ ᠲᠢᠩᠭᠢᠮ ᠤᠨ ᠡᠷᠬᠢᠯᠡᠭᠴᠢ᠂ ᠫᠷᠣᠹᠧᠰᠰᠣᠷ᠂ ᠳ᠋ᠣᠺᠲ᠋ᠣᠷ ᠪᠢᠷᠲ᠋ᠠᠯᠠᠨ ᠡᠩᠨᠧᠱ ᠡᠷᠽᠰᠧᠪᠧᠲ ᠠᠴᠠ ︽ᠧᠦ᠋ᠷᠤᠫᠠ ᠶᠢᠨ ︿ᠵᠠᠩᠭᠠᠷ﹀ ᠰᠤᠳᠤᠯᠤᠯ — ᠬᠠᠩᠭᠠᠷᠢ ᠤᠯᠤᠰ ᠤᠨ ᠵᠢᠱᠢᠶᠠᠨ ᠲᠡᠬᠡᠷ᠎ᠠ︾ ᠬᠡᠬᠦ ᠰᠡᠳᠤᠪ ᠢᠶᠠᠷ᠂ ᠲᠤᠮᠳᠠᠳᠤ ᠤᠯᠤᠰ ᠤᠨ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠬᠡᠳᠤ ᠰᠤᠷᠭᠠᠭᠤᠯᠢ ᠶᠢᠨ ᠫᠷᠤᠹᠧᠰᠰᠤᠷ᠂ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ︽ᠵᠠᠩᠭᠠᠷ︾ ᠰᠤᠳᠤᠯᠤᠯ ᠤᠨ ᠲᠦᠪ ᠤᠨ ᠡᠷᠬᠢᠯᠡᠭᠴᠢ ᠳ᠋ᠤᠺᠲ᠋ᠤᠷ ᠳ᠋᠊ · ᠲᠠᠶᠠ‌ᠡᠴᠠ ︽ᠲᠤᠮᠳᠠᠳᠤ ᠤᠯᠤᠰ ᠤᠨ ︿ᠵᠠᠩᠭᠠᠷ﹀ ᠰᠤᠳᠤᠯᠤᠯ ᠤᠨ ᠶᠡᠷᠤᠩᠬᠡᠢ ᠲᠤᠭᠠᠴᠢᠯ︾ ᠬᠡᠬᠦ ᠰᠡᠳᠤᠪ ᠢᠶᠠᠷ ᠲᠤᠰ ᠲᠤᠰ ᠵᠤᠨ ᠤ ᠰᠤᠷᠭᠠᠭᠤᠯᠢ ᠳᠤ ᠤᠷᠤᠯᠴᠠᠭᠰᠠᠨ ᠵᠠᠯᠠᠭᠤ ᠡᠷᠳᠠᠮᠳᠠᠳ ᠲᠤ ︽ᠵᠠᠩᠭᠠᠷ︾ ᠰᠤᠳᠤᠯᠤᠯ ᠤᠨ ᠲᠠᠯ᠎ᠠ ᠪᠠᠷ ᠲᠤᠰᠬᠠᠢ ᠮᠡᠷᠬᠡᠵᠢᠯ ᠤᠨ ᠬᠢᠴᠢᠶᠠᠯ ᠤᠷᠤᠪᠠ᠃ ᠡᠨᠠ ᠨᠢ ᠵᠠᠯᠠᠭᠤ ᠡᠷᠳᠠᠮᠳᠠᠳ ᠲᠤ ᠠᠽᠢᠶ᠎ᠠ ᠡᠧᠦ᠋ᠷᠤᠫᠠ ᠶᠢᠨ ︽ᠵᠠᠩᠭᠠᠷ︾ ᠰᠤᠳᠤᠯᠤᠯ ᠤᠨ ᠦᠩᠬᠡᠷᠡᠭᠰᠠᠨ ᠤ ᠪᠠ ᠤᠳᠤ ᠶᠢᠨ ᠪᠠᠶᠢᠳᠠᠯ ᠬᠢᠬᠡᠳ ᠤᠯᠤᠭᠰᠠᠨ ᠠᠮᠵᠢᠯᠳᠠ ᠪᠠ ᠤᠷᠤᠰᠢᠭᠰᠠᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ᠂ ᠪᠤᠰᠤᠳᠴᠢ ᠲᠠᠯ᠎ᠠ ᠠᠴᠠ ᠬᠤᠷᠢᠶᠠᠩᠭᠤᠶᠢᠯᠠᠨ ᠳ᠋ᠦᠩᠨᠠᠯᠳᠠ ᠬᠢᠵᠤ ᠦᠭᠬᠦᠭᠰᠠᠨ ᠤ ᠲᠡᠬᠡᠷ᠎ᠠ᠂ ᠲᠡᠳᠡᠨ ᠤ ︽ᠵᠠᠩᠭᠠᠷ︾ ᠰᠤᠳᠤᠯᠤᠯ ᠢ ᠤᠯᠠᠮ ᠰᠤᠨᠢᠷᠬᠠᠨ ᠰᠤᠳᠤᠯᠬᠤ ᠳᠤ ᠡᠷᠴᠢ ᠬᠦᠴᠤ ᠨᠡᠮᠠᠵᠤ᠂ ᠢᠷᠠᠬᠡᠳᠤᠢ ᠶᠢᠨ ︽ᠵᠠᠩᠭᠠᠷ︾ ᠰᠤᠳᠤᠯᠤᠯ ᠬᠢᠬᠦ ᠳᠤ ᠠᠩᠬᠠᠷᠬᠤ ᠵᠤᠬᠢᠰᠳᠠᠢ ᠵᠤᠶᠢᠯᠠᠰ ᠢ ᠲᠤᠷᠠᠳᠴᠤ ᠭᠠᠷᠭᠠᠭᠰᠠᠨ ᠤ ᠲᠡᠬᠡᠷ᠎ᠠ ᠰᠢᠨ᠎ᠠ ᠠᠷᠭ᠎ᠠ᠂ ᠰᠢᠨ᠎ᠠ ᠤᠨᠤᠯ ᠤᠨ ᠲᠠᠯ᠎ᠠ ᠪᠠᠷ ᠰᠤᠨᠢᠷᠬᠠᠯ ᠲᠠᠢ ᠰᠡᠪᠡᠬᠦᠨ ᠮᠡᠳᠡᠭᠡ ᠵᠠᠩᠬᠢ ᠬᠠᠩᠭᠠᠵᠤ᠂ ᠲᠡᠬᠦᠨᠴᠢᠯᠠᠨ ︽ᠵᠠᠩᠭᠠᠷ︾ ᠢ ᠪᠤᠰᠤᠳ ᠦᠨᠳᠤᠰᠤᠳᠠᠨ ᠤ ᠪᠠᠭᠠᠳᠤᠷᠯᠢᠭ ᠲᠤᠤᠯᠢ ᠲᠠᠢ ᠬᠠᠷᠢᠴᠠᠭᠤᠯᠵᠤ ᠰᠤᠳᠤᠯᠬᠤ ᠶᠢᠨ ᠴᠢᠬᠤᠯᠠ ᠴᠢᠨᠠᠷ ᠢ ᠵᠠᠯᠠᠭᠤ ᠡᠷᠳᠠᠮᠳᠠᠳ ᠲᠤ  ᠳᠠᠨᠢᠭᠤᠯᠵᠦ ᠮᠡᠳᠡᠷᠠᠬᠦᠯᠪᠠ᠃      8 ᠰᠠᠷ᠎ᠠ ᠶᠢᠨ 13 ᠤ ᠡᠳᠤᠷ ᠤᠨ ᠡᠷᠳᠠᠮ ᠰᠢᠨᠵᠢᠯᠡᠬᠡᠨ ᠤ ᠶᠠᠷᠢᠯᠴᠠᠭᠠᠨ ᠳᠤ᠂ ᠤᠷᠤᠰ ᠤᠨ ᠬᠤᠯᠪᠤᠭᠠᠨ ᠤ ᠬᠠᠯᠢᠮᠠᠭ ᠤᠯᠤᠰ᠂ ᠮᠤᠩᠭᠤᠯ ᠤᠯᠤᠰ ᠪᠠ ᠲᠤᠮᠳᠠᠳᠤ ᠤᠯᠤᠰ ᠵᠡᠷᠬᠡ ᠤᠯᠤᠰ ᠤᠷᠤᠨ ᠤ ᠵᠠᠯᠠᠭᠤ ᠡᠷᠳᠠᠮᠳᠠᠳ ᠤᠨ ᠲᠡᠪᠰᠢᠬᠦᠯᠦᠭᠰᠠᠨ ᠭᠠᠳᠠᠭᠠᠳᠤ ᠲᠤᠳᠤᠭᠠᠳᠤ ᠶᠢᠨ ︽ᠵᠠᠩᠭᠠᠷ︾ ᠰᠤᠳᠤᠯᠤᠯ᠂ ︽ᠵᠠᠩᠭᠠᠷ︾ ᠤᠨ ᠡᠬᠡ ᠬᠡᠷᠡᠭᠯᠡᠭᠳᠡᠬᠦᠨ ᠤ ᠰᠤᠳᠤᠯᠤᠯ᠂ ᠵᠠᠩᠭᠠᠷᠴᠢ ᠶᠢᠨ ᠰᠤᠳᠤᠯᠤᠯ᠂ ︽ᠵᠠᠩᠭᠠᠷ︾ ᠤᠨ ᠲᠧᠺᠰᠲ ᠰᠤᠳᠤᠯᠤᠯ᠂ ︽ᠵᠠᠩᠭᠠᠷ ︾ ᠤᠨ ᠰᠢᠯᠦᠭ ᠵᠦᠢ ᠶᠢᠨ ᠰᠤᠳᠤᠯᠤᠯ᠂ ︽ᠵᠠᠩᠭᠠᠷ︾ ᠤᠨ ᠤᠷᠴᠢᠭᠤᠯᠭ᠎ᠠ ᠶᠢᠨ ᠰᠤᠳᠤᠯᠤᠯ᠂ ︽ᠵᠠᠩᠭᠠᠷ︾ ᠤᠨ ᠤᠯᠠᠮᠵᠢᠯᠠᠯ ᠵᠢᠴᠢ ᠳ᠋ᠠᠶᠢᠲ᠋ᠠ ᠬᠦᠮᠤᠷᠬᠡ ᠶᠢᠨ ᠰᠤᠳᠤᠯᠤᠯ ᠵᠡᠷᠬᠡ ᠬᠦᠷᠢᠶ᠎ᠠ ᠴᠡᠷ᠎ᠠ ᠶᠢ ᠬᠠᠮᠤᠷᠤᠭᠰᠠᠨ 34 ᠬᠤᠪᠢ  ᠡᠷᠳᠠᠮ ᠰᠢᠨᠵᠢᠯᠡᠬᠡᠨ ᠤ ᠦᠬᠦᠯᠠᠯ ᠢ ᠬᠦᠬᠡ᠂ ᠬᠦᠬᠡᠭᠴᠢᠨ ᠬᠡᠬᠦ ᠬᠤᠶᠠᠷ ᠲᠤᠭᠤᠶᠢᠯᠠᠩ ᠬᠤᠪᠢᠶᠠᠨ ᠬᠡᠯᠠᠯᠴᠡᠬᠦᠯᠦᠭᠰᠠᠨ ᠤ ᠬᠠᠮᠳᠤ ᠲᠤᠰᠬᠠᠢ ᠮᠡᠷᠬᠡᠵᠢᠯ ᠤᠨ ᠬᠢᠴᠢᠶᠠᠯ ᠵᠢᠭᠠᠭᠰᠠᠨ 4 ᠪᠠᠭᠰᠢ ᠠᠴᠠ ᠵᠠᠯᠭᠠᠤ ᠡᠷᠳᠠᠮᠳᠠᠳ ᠤᠨ ᠲᠡᠪᠰᠢᠬᠦᠯᠦᠭᠰᠠᠨ ᠦᠬᠦᠯᠠᠯ ᠢ ᠰᠢᠬᠦᠮᠵᠢᠯᠠᠪᠠ᠃      ᠡᠨᠠ ᠤᠳᠠᠭᠠᠨ ᠤ ᠵᠤᠨ ᠤ ᠰᠤᠷᠭᠠᠭᠤᠯᠢ ᠨᠢ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠬᠡᠳᠤ ᠰᠤᠷᠭᠠᠭᠤᠯᠢ ᠪᠤᠯᠤᠨ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ︽ᠵᠠᠩᠭᠠᠷ︾ ᠰᠤᠳᠤᠯᠤᠯ ᠤᠨ ᠲᠦᠪ ᠠᠴᠠ ᠡᠷᠬᠢᠯᠡᠭᠰᠠᠨ ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ ︽ᠵᠠᠩᠭᠠᠷ︾ ᠰᠤᠳᠤᠯᠤᠯ ᠤᠨ ᠵᠠᠯᠠᠭᠤ ᠡᠷᠳᠠᠮᠳᠠᠳ ᠤᠨ ᠵᠤᠨ ᠤ ᠰᠤᠷᠭᠠᠭᠤᠯᠢ ᠪᠤᠯᠤᠨ᠎ᠠ᠃ ᠡᠨᠠ ᠬᠦ ᠵᠤᠨ ᠤ ᠰᠤᠷᠭᠠᠭᠤᠯᠢ ᠨᠢ ᠵᠠᠯᠠᠭᠤ ︽ᠵᠠᠩᠭᠠᠷ︾ ᠰᠤᠳᠤᠯᠤᠭᠴᠢ ᠶᠢᠨ ᠡᠷᠳᠠᠮ ᠰᠢᠨᠵᠢᠯᠡᠬᠡᠨ ᠤ ᠬᠠᠷᠠᠭ᠎ᠠ ᠶᠢ ᠦᠷᠬᠡᠳᠬᠡᠬᠦ᠂ ᠲᠤᠮᠳᠠᠳᠤ ᠤᠯᠤᠰ ᠤᠨ ︽ᠵᠠᠩᠭᠠᠷ︾ ᠰᠤᠳᠤᠯᠤᠯ ᠤᠨ ᠬᠢᠷᠢ ᠲᠦᠪᠰᠢᠨ ᠢ ᠲᠡᠬᠡᠭᠰᠢᠬᠦᠯᠬᠦ᠂ ᠤᠯᠠᠨ ᠤᠯᠤᠰ ᠤᠨ ︽ᠵᠠᠩᠭᠠᠷ︾ ᠰᠤᠳᠤᠯᠤᠯ ᠤᠨ ᠢᠷᠠᠬᠡᠳᠤᠢ ᠶᠢᠨ ᠬᠦᠭᠵᠢᠯᠳᠠ ᠶᠢ ᠲᠦᠷᠬᠡᠳᠬᠡᠬᠦ ᠵᠢᠴᠢ ︽ᠵᠠᠩᠭᠠᠷ︾ ᠰᠤᠳᠤᠯᠤᠯ ᠤᠨ ᠵᠠᠯᠭᠠᠮᠵᠢ ᠦᠶ᠎ᠠ ᠶᠢ ᠬᠦᠮᠤᠵᠢᠬᠦᠯᠬᠦ ᠵᠡᠷᠬᠡ ᠤᠯᠠᠨ ᠲᠠᠯ᠎ᠠ ᠳᠤ ᠢᠳᠡᠪᠬᠢ ᠨᠦᠯᠤᠬᠡ ᠦᠵᠡᠬᠦᠯᠬᠦ ᠨᠢ ᠯᠠᠪᠳᠠᠢ ᠶᠤᠮ᠃
ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠤᠷᠤᠯᠠᠭᠴᠢ ᠵᠠᠬᠢᠷᠤᠯ ᠡᠷᠬᠢᠮᠪᠠᠶᠠᠷ ᠫᠷᠤᠹᠧᠰᠰᠤᠷ ᠤᠭᠳᠤᠯᠭ᠎ᠠ ᠶᠢᠨ ᠦᠬᠡ ᠶᠠᠷᠢᠵᠤ ᠪᠠᠶᠢᠭ᠎ᠠ ᠨᠢ
ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠬᠡᠳᠤ ᠰᠤᠷᠭᠠᠭᠤᠯᠢ ᠶᠢᠨ ᠤᠷᠤᠯᠠᠭᠴᠢ ᠵᠠᠬᠢᠷᠤᠯ ᠰᠤᠳᠤᠪᠢᠯᠢᠭ᠌ ᠫᠷᠤᠹᠧᠰᠰᠤᠷ ᠨᠡᠬᠡᠬᠡᠯᠳᠠ ᠶᠢᠨ ᠶᠤᠰᠤᠯᠠᠯ ᠢ ᠬᠦᠳᠤᠯᠵᠤ ᠪᠠᠶᠢᠭ᠎ᠠ ᠨᠢ
ᠶᠠᠫᠤᠨ ᠤᠯᠤᠰ ᠤᠨ ᠠᠮᠠᠨ ᠤᠯᠠᠮᠵᠢᠯᠠᠯ ᠰᠤᠳᠤᠯᠤᠯ ᠤᠨ ᠨᠠᠶᠢᠭᠡᠮᠯᠢᠭ ᠤᠨ ᠤᠤᠯ ᠤᠨ ᠳᠠᠷᠤᠭ᠎ᠠ᠂ ᠴᠢᠪᠠ ᠶᠡᠭᠡ ᠰᠤᠷᠭᠠᠭᠤᠯᠢ ᠶᠢᠨ ᠫᠷᠣᠹᠧᠰᠰᠣᠷ᠂ ᠳ᠋ᠣᠺᠲ᠋ᠣᠷ ᠣᠭᠢᠬᠠᠷᠨ ᠱᠢᠨᠺᠤ
ᠤᠷᠤᠰ ᠤᠨ ᠬᠤᠯᠪᠤᠭᠠᠨ ᠤ ᠬᠠᠯᠢᠮᠠᠭ ᠶᠡᠭᠡ ᠰᠣᠷᠭᠠᠭᠤᠯᠢ ᠶᠢᠨ ︽ᠬᠠᠮᠤᠭ ᠮᠣᠩᠭᠤᠯ ᠤᠨ ᠰᠣᠶᠣᠯ ᠤᠨ ᠦᠪ︾ ᠣᠯᠠᠨ ᠣᠯᠣᠰ ᠤᠨ ᠡᠷᠳᠠᠮ ᠰᠢᠨᠵᠢᠯᠡᠭᠡᠨ ᠤ ᠲᠦᠪ ᠤᠨ ᠵᠠᠬᠢᠷᠣᠯ᠂ ᠫᠷᠣᠹᠧᠰᠰᠣᠷ᠂ ᠳ᠋ᠣᠺᠲ᠋ᠣᠷ ᠬᠠᠪᠤᠨᠣᠸ᠋ᠨ ᠶᠸᠧᠳᠣᠺᠢᠶ᠋ᠨ ᠡᠷᠧᠨᠵᠧᠨᠣᠸ᠋ᠨ᠋ᠨ
ᠤᠯᠠᠨ ᠤᠯᠤᠰ ᠤᠨ ᠮᠤᠩᠭᠤᠯ ᠰᠤᠳᠤᠯᠤᠯ ᠤᠨ ᠬᠤᠯᠪᠤᠭᠠᠨ ᠤ ᠶᠡᠷᠤᠩᠭᠡᠶᠢᠯᠡᠭᠴᠢ᠂ ᠬᠠᠩᠭᠠᠷᠢ ᠤᠯᠤᠰ ᠤᠨ ᠦᠲᠪᠤᠱ ᠯᠤᠷᠠᠨᠳ᠋ ᠨᠡᠷᠡᠮᠵᠢᠳᠤ ᠶᠡᠭᠡ ᠰᠤᠷᠭᠠᠭᠤᠯᠢ ᠶᠢᠨ ᠮᠤᠩᠭᠤᠯ ᠪᠠ ᠳᠦᠪ ᠠᠴᠢᠶ᠎ᠠ ᠶᠢᠨ ᠰᠤᠳᠤᠯᠤᠯ ᠤᠨ ᠲᠢᠩᠭᠢᠮ ᠤᠨ ᠡᠷᠬᠢᠯᠡᠭᠴᠢ᠂ ᠫᠷᠣᠹᠧᠰᠰᠣᠷ᠂ ᠳ᠋ᠣᠺᠲ᠋ᠣᠷ ᠪᠢᠷᠲ᠋ᠠᠯᠠᠨ ᠡᠩᠨᠧᠱ ᠡᠷᠽᠰᠧᠪᠧᠲ
ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠬᠡᠳᠤ ᠰᠤᠷᠭᠠᠭᠤᠯᠢ ᠶᠢᠨ ᠫᠷᠤᠹᠧᠰᠰᠤᠷ᠂ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ︽ᠵᠠᠩᠭᠠᠷ︾ ᠰᠤᠳᠤᠯᠤᠯ ᠤᠨ ᠲᠦᠪ ᠤᠨ ᠡᠷᠬᠢᠯᠡᠭᠴᠢ ᠳ᠋ᠤᠺᠲ᠋ᠤᠷ ᠳ᠋᠊ · ᠲᠠᠶᠠ
ᠰᠢᠨᠵᠢᠶᠠᠩ ᠤᠨ ᠬᠤᠪᠤᠭᠰᠠᠶᠢᠷᠢ ᠮᠤᠩᠭᠤᠯ ᠦᠪᠡᠷᠳᠡᠬᠡᠨ ᠵᠠᠰᠠᠬᠤ ᠰᠢᠶᠠᠨ ᠢᠶᠠᠷ ᠨᠤᠳᠤᠭ ᠲᠠᠢ ᠵᠠᠯᠠᠭᠤ ᠵᠠᠩᠭᠠᠷᠴᠢ ᠲᠤᠷᠵᠢ ᠶᠢᠨ ᠨᠢᠮ᠎ᠠ ︽ᠵᠠᠩᠭᠠᠷ︾ ᠬᠠᠶᠢᠯᠠᠵᠤ ᠪᠠᠶᠢᠭ᠎ᠠ ᠨᠢ
ᠵᠤᠨ ᠤ ᠰᠤᠷᠭᠠᠭᠤᠯᠢ ᠳᠤ ᠤᠷᠤᠯᠴᠠᠭᠰᠠᠳ ᠠᠴᠠ ᠠᠰᠠᠭᠤᠯᠳᠠ ᠠᠰᠠᠭᠤᠵᠤ ᠪᠠᠶᠢᠭ᠎ᠠ ᠨᠢ
ᠵᠤᠨ ᠤ ᠰᠤᠷᠭᠠᠭᠤᠯᠢ ᠳᠤ ᠤᠷᠤᠯᠴᠠᠭᠰᠠᠳ ᠠᠴᠠ ᠠᠰᠠᠭᠤᠯᠳᠠ ᠠᠰᠠᠭᠤᠵᠤ ᠪᠠᠶᠢᠭ᠎ᠠ ᠨᠢ
ᠬᠤᠷᠠᠯ ᠤᠨ ᠠᠬᠤᠢ ᠲᠠᠯᠠᠪᠠᠢ                         ᠮ᠊ · ᠨᠠᠳᠮᠢᠳᠴᠡᠷᠢᠨ ᠮᠡᠳᠡᠭᠡᠯᠡᠪᠡ
 
ᠢᠷᠡᠯᠲᠡ᠄ ᠲᠥᠪ ᠮᠣᠩᠭᠤᠯ ᠲᠧᠯᠸᠢᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号