ᠢᠦᠶ ᠴᠢᠤᠸᠠᠨ ᠲᠣᠭᠤᠷᠢᠭ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠣᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠠᠵᠢᠯ ᠤᠨ 2018 ᠣᠨ ᠤ ᠭᠤᠷᠪᠠᠳᠤᠭᠠᠷ ᠤᠳᠠᠭᠠᠨ ᠤ ᠲᠤᠬᠢᠷᠠᠭᠤᠯᠬᠤ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2018-08-16
     8 ᠰᠠᠷ᠎ᠠ ᠶᠢᠨ 13 ᠤ ᠡᠳᠦᠷ᠂ ᠢᠦᠶ ᠴᠢᠤᠸᠠᠨ ᠲᠣᠭᠤᠷᠢᠭ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠣᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠠᠵᠢᠯ ᠤᠨ 2018 ᠣᠨ ᠤ ᠭᠤᠷᠪᠠᠳᠤᠭᠠᠷ ᠤᠳᠠᠭᠠᠨ ᠤ ᠲᠤᠬᠢᠷᠠᠭᠤᠯᠬᠤ ᠬᠤᠷᠠᠯ ᠢ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠭᠤᠣᠯ ᠤᠳᠤᠷᠢᠳᠤᠯᠭ᠎ᠠ᠂ ᠬᠤᠪᠢᠳᠠᠨ ᠬᠠᠷᠢᠭᠤᠴᠠᠵᠤ ᠪᠠᠶᠢᠭ᠎ᠠ ᠲᠤᠭᠤᠷᠢᠭ ᠤᠨ ᠳᠡᠳ᠋ ᠳᠠᠷᠤᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡ  ᠪᠠᠯᠭᠠᠰᠤ ᠨᠠᠢᠮᠠᠨ ᠬᠡᠷᠡᠭ ᠡᠷᠬᠢᠯᠡᠬᠦ  ᠭᠠᠵᠠᠷ ᠤᠨ ᠬᠠᠷᠢᠭᠤᠴᠠᠯᠭᠠᠲᠠᠨ ᠬᠤᠷᠠᠯ ᠳᠤ  ᠤᠷᠤᠯᠴᠠᠪᠠ᠃      ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠤᠨ ᠪᠦᠬᠦ ᠲᠤᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠤᠨ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠦᠢ ᠭᠠᠩ ᠤᠨ ᠬᠤᠷᠠᠯ  ᠳᠠᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠦᠬᠡᠬᠤᠲᠠ ᠶᠢᠨ ᠬᠤᠲᠠ ᠶᠢᠨ ᠳᠦᠷᠢ ᠲᠥᠷᠬᠦ ᠶᠢᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠠᠴᠠ ᠮᠠᠨ ᠤ ᠲᠤᠭᠤᠷᠢᠭ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠰᠢᠯᠭᠠᠨ ᠦᠨᠡᠯᠡᠭᠰᠡᠨ ᠪᠠᠶᠢᠳᠠᠯ ᠢ ᠮᠡᠳᠡᠭᠳᠡᠵᠦ᠂ ᠪᠦᠬᠦ ᠬᠤᠳᠠ ᠶᠢᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ  ᠳᠤ ᠡᠯ᠎ᠡ ᠪᠠᠯᠭᠠᠰᠤ᠂ ᠵᠡᠭᠡᠯᠢ ᠭᠤᠳᠤᠮᠵᠢ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ︽ᠲᠠᠪᠤᠨ ᠶᠡᠭᠡ ᠲᠤᠰᠬᠠᠶ ᠵᠦᠢᠯ ᠤᠨ ᠠᠵᠢᠯᠯᠠᠭ᠎ᠠ︾ ︵ᠤᠷᠭᠤᠮᠠᠯ ᠦᠭᠡᠢ ᠭᠠᠵᠠᠷ ᠰᠢᠷᠤᠢ᠂ ᠰᠠᠭᠤᠷᠢ ᠲᠥᠬᠦᠭᠡᠷᠦᠮᠵᠢ᠂ ᠬᠤᠷᠢᠶᠠᠯᠠᠯ ᠤᠨ ᠣᠷᠴᠢᠨ ᠲᠣᠭᠤᠷᠢᠨ᠂ ᠬᠤᠲᠠ ᠲᠡᠭᠦᠷᠭᠡ ᠶᠢᠨ ᠠᠭᠤᠯᠵᠠᠷ ᠭᠠᠵᠠᠷ ᠤᠨ ᠶᠡᠷᠦᠩᠬᠡᠶᠢᠯᠡᠨ ᠴᠡᠭᠴᠡᠯᠡᠨ ᠵᠠᠰᠠᠯᠲᠠ᠂ ᠨᠠᠮᠤᠷ ᠤᠨ ᠨᠤᠭᠤᠭᠠᠷᠠᠭᠤᠯᠤᠯᠲᠠ︶᠂ ᠤᠯᠠᠨ ᠨᠡᠶᠢᠲᠡ ᠶᠢᠨ ᠰᠣᠶᠣᠯ ᠤᠨ ᠲᠠᠯᠠᠪᠤᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠭᠦᠨ ᠤ ᠬᠠᠮᠲᠤ ᠲᠠᠷᠠᠭ᠎ᠠ ᠠᠯᠬᠤᠮ ᠤᠨ ᠠᠵᠢᠯ ᠢ  ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂  ᠡᠯ᠎ᠡ ᠪᠠᠯᠭᠠᠰᠤ ᠂ ᠵᠡᠭᠡᠯᠢ ᠭᠤᠳᠤᠮᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨᠴᠢᠩᠭᠠᠳᠬᠠᠵᠤ᠂ ᠠᠵᠢᠯ ‍ᠤᠨ‌ᠠᠷᠭ᠎ᠠ ᠠᠪᠴᠠᠯ ᠢ ᠨᠠᠶᠢᠳᠠᠪᠤᠷᠢᠵᠢᠭᠤᠯᠵᠤ᠂ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠣᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ  ᠪᠡᠶᠡᠯᠡᠭᠦᠯᠦᠨ᠎ᠡ᠃ ︽ᠲᠠᠪᠤᠨ ᠶᠡᠭᠡ ᠲᠤᠰᠬᠠᠶ ᠵᠦᠢᠯ ᠤᠨ ᠠᠵᠢᠯᠯᠠᠭ᠎ᠠ︾ ᠠᠴᠠ ᠭᠠᠷᠳᠠᠵᠤ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠪᠠ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ᠂ ᠤᠷᠭᠤᠮᠠᠯ ᠦᠭᠡᠢ ᠭᠠᠵᠠᠷ ᠰᠢᠷᠤᠢ ᠶᠢᠨ ᠨᠣᠭᠤᠭᠠᠷᠠᠭᠤᠯᠤᠯᠲᠠ  ᠪᠠ ᠬᠠᠲᠠᠭᠤᠷᠠᠭᠤᠯᠤᠯᠲᠠ᠂ ᠵᠡᠭᠡᠯᠢ ᠭᠤᠳᠤᠮᠵᠢ ᠶᠢᠨ ᠵᠥᠷᠢᠭ ᠵᠠᠮ ᠤᠨ ᠡᠪᠳᠡᠷᠡᠵᠦ ᠬᠤᠬᠢᠷᠠᠭᠰᠠᠨ ᠢ ᠰᠡᠯᠪᠢᠨ ᠵᠠᠰᠠᠬᠤ᠂ ᠬᠤᠲᠠ ᠲᠡᠭᠦᠷᠭᠡ ᠶᠢᠨ ᠠᠭᠤᠯᠵᠠᠷ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠨᠠᠮᠤᠷ ᠤᠨ ᠨᠤᠭᠤᠭᠠᠷᠠᠭᠤᠯᠤᠯᠲᠠ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠡ᠃ ᠬᠠᠷᠢᠶ᠎ᠠ ᠭᠠᠵᠠᠷ ᠤᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠬᠤ ᠡᠷᠴᠢᠮ ᠢ ᠴᠢᠩᠭᠠᠳᠬᠠᠵᠤ᠂ ᠡᠯ᠎ᠡ ᠬᠠᠷᠢᠭᠤᠴᠠᠬᠤ ᠤᠳᠤᠷᠢᠳᠤᠯᠭ᠎ᠠ ᠬᠠᠷᠢᠭᠤᠴᠠᠯᠭ᠎ᠠ  ᠪᠠᠨ ᠦᠨᠡᠨᠬᠦ ᠡᠭᠦᠷᠭᠡᠯᠡᠵᠦ᠂ ᠪᠣᠳᠠᠲᠠᠶ ᠠᠰᠠᠭᠤᠳᠠᠯ ᠢ ᠬᠢᠨᠠᠨ ᠵᠢᠯᠤᠭᠤᠳᠴᠤ ᠰᠢᠢᠳᠪᠦᠷᠢᠯᠡᠨ᠎ᠡ᠃ ᠡᠯ᠎ᠡ ᠪᠠᠯᠭᠠᠰᠤ᠂ ᠵᠡᠭᠡᠯᠢ ᠭᠤᠳᠤᠮᠵᠢ ᠬᠠᠷᠢᠶ᠎ᠠ ᠭᠠᠵᠠᠷ ᠤᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠷᠬᠡ ᠲᠤᠰᠢᠶᠠᠯᠳᠤ ᠰᠠᠯᠠᠭ᠎ᠠ ᠮᠥᠴᠢᠷ ᠲᠠᠢ ᠬᠤᠯᠪᠤᠭᠠᠯᠠᠨ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ  ᠶᠢᠨ ᠡᠷᠴᠢᠮ ᠢᠶᠠᠨ ᠴᠢᠩᠭᠠᠯᠠᠨ᠎ᠠ᠃ ᠡᠯ᠎ᠡ ᠡᠷᠬᠡ ᠲᠤᠰᠢᠶᠠᠯᠳᠤ ᠰᠠᠯᠠᠭ᠎ᠠ ᠮᠥᠴᠢᠷ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠡᠷᠡᠰ ᠰᠢᠢᠳᠭᠡᠨ᠎ᠡ᠃ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠠᠯᠢ ᠬᠤᠷᠳᠤᠨ ᠢᠶᠠᠷ ᠬᠠᠮᠲᠤᠷᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠᠶᠢᠭᠤᠯᠤᠨ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠᠨ ᠲᠡᠭᠡᠭᠰᠢᠯᠡᠭᠦᠯᠦᠨ᠎ᠡ᠃ ᠡᠯ᠎ᠡ ᠵᠦᠢᠯ ᠤᠨ ᠲᠤᠰᠬᠠᠶ ᠠᠵᠢᠯᠯᠠᠭ᠎ᠠ ᠶᠢ ᠲᠦᠷᠭᠡᠳᠭᠡᠨ ᠪᠡᠶᠡᠯᠡᠭᠦᠯᠵᠦ᠂ ᠣᠷᠳᠣᠰ ᠪᠠᠷᠠᠭᠤᠨ ᠵᠡᠭᠡᠯᠢ᠂ ᠬᠤᠲᠠ ᠶᠢᠨ ᠬᠢᠵᠠᠭᠠᠷ ᠥᠨᠴᠥᠭ ᠪᠤᠯᠤᠩ ᠤᠨ ᠨᠤᠷᠠᠭᠠᠵᠤ ᠨᠡᠭᠦᠯᠭᠡᠬᠦ ᠠᠬᠢᠴᠠ ᠶᠢ ᠠᠬᠢᠭᠤᠯᠵᠤ᠂ ᠲᠦᠷ ᠨᠤᠷᠠᠭᠠᠵᠤ ᠨᠡᠭᠦᠯᠭᠡᠬᠦ ᠦᠭᠡᠢ ᠬᠤᠳᠠ ᠶᠢᠨ ᠲᠤᠮᠳᠠᠬᠢ ᠲᠣᠰᠬᠤᠨ᠂ ᠳᠦᠭᠦᠮ ᠪᠦᠲᠦᠴᠡᠲᠦ ᠣᠷᠣᠨ ᠰᠠᠭᠤᠴᠠ ᠶᠢᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ 8 ᠰᠠᠷ᠎ᠠ ᠶᠢᠨ ᠰᠡᠭᠦᠯᠴᠢ  ᠶᠢᠨ ᠪᠥᠬᠦ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠤᠨ ᠲᠤᠷᠰᠢᠯᠭ᠎ᠠ  ᠰᠤᠯᠢᠯᠴᠠᠬᠤ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠨ᠎ᠡ᠃ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠣᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠪᠤᠰᠤᠳ ᠡᠯ᠎ᠡ ᠵᠦᠢᠯ ᠤᠨ ᠠᠵᠢᠯ ᠤᠨ ᠡᠭᠦᠷᠭᠡ ᠶᠢ ᠠᠵᠢᠯ ᠤᠨ ᠱᠠᠭᠠᠷᠳᠠᠯᠭ᠎ᠠ ᠲᠠᠢ ᠬᠠᠷᠭᠤᠭᠤᠯᠵᠤ᠂  ᠲᠣᠭᠲᠠᠭᠠᠯ ᠶᠣᠰᠣᠭᠠᠷ ᠴᠠᠭ ᠶᠤᠰᠤᠭᠠᠷ ᠪᠡᠶᠡᠯᠡᠭᠦᠯᠦᠨ᠎ᠡ᠃      
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号