| | | 8 ᠳ᠋ᠤᠭᠠᠷ ᠰᠠᠷ᠎ᠠ ᠶᠢᠨ 9 ᠤ ᠡᠳᠣᠷ᠂ ᠥᠪᠡᠷᠲᠡᠭᠡᠨ ᠵᠠᠰᠠᠬᠤ ᠣᠷᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠤᠨ ᠸᠠᠩ ᠶᠢᠨ ᠪᠣᠣ ᠨᠠᠷ ᠢᠶᠠᠷ ᠪᠦᠷᠢᠯᠳᠦᠭᠰᠡᠨ ᠥᠪᠡᠷᠲᠡᠭᠡᠨ ᠵᠠᠰᠠᠬᠤ ᠣᠷᠤᠨ ᠤ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠲᠥᠷᠦ ᠶᠢᠨ ᠶᠠᠪᠤᠳᠠᠯ ᠤᠨ ᠬᠤᠷᠢᠶ᠎ᠠ ᠶᠢᠨ 2018 ᠣᠨ ᠤ ᠶᠡᠭᠡ | ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠶᠢᠨ ᠲᠥᠯᠦᠭᠡ ᠦᠴᠦᠸᠠᠨ ᠰᠢᠶᠠᠨ ᠳᠤ ᠬᠦᠷᠴᠤ ᠰᠢᠮᠳᠠᠭᠤᠯᠤᠨ | ᠪᠠᠶᠢᠴᠠᠭᠠᠵᠤ ᠠᠵᠢᠯ ᠵᠢᠯᠤᠭᠤᠳᠪᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠬᠤᠲᠠ ᠶᠢᠨ | ᠳᠡᠳ᠋ ᠳᠠᠷᠤᠭ᠎ᠠ ᠬᠤᠸᠠᠩ ᠵᠢᠢ ᠭᠠᠩ ᠵᠢᠴᠢ ᠰᠢᠶᠠᠨ ᠤ ᠤᠳᠤᠷᠢᠳᠤᠯᠭ᠎ᠠ ᠶᠢᠨ ᠴᠦᠨ ᠯᠢᠶᠠᠩ᠂ ᠼᠣᠣ ᠽᠢ ᠯᠢ᠂ ᠷᠧᠨ | ᠶᠠᠨ ᠰᠢᠶᠠᠩ ᠵᠡᠷᠭᠡ ᠬᠤᠯᠪᠤᠭᠳᠠᠯ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ | ᠰᠣᠳᠤᠯᠤᠯᠲᠠ ᠬᠢᠪᠡ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤ ᠨᠢ ᠬᠦᠷᠴᠤ ᠵᠡᠭᠦᠨ | ᠭᠤᠣᠯ ᠤᠨ ᠶᠡᠷᠦᠩᠬᠡᠢ ᠦᠭᠡᠷᠡᠴᠢᠯᠡᠨ ᠰᠠᠶᠢᠵᠢᠷᠠᠭᠤᠯᠬᠤ ᠲᠥᠷᠦᠯ ᠵᠦᠢᠯ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ᠂ ᠪᠠᠷᠠᠭᠤᠨ ᠬᠤᠶᠢᠲᠤ ᠶᠢᠨ ᠾᠦᠢ ᠲᠦᠩ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠵᠧᠨ ᠰᠢᠩ ᠶᠤᠸᠠᠨ ᠮᠥᠭᠦ ᠶᠢᠨ ᠰᠠᠭᠤᠷᠢᠨ ᠭᠠᠵᠠᠷ᠂ | ᠬᠠᠷᠠᠭᠤᠯ ᠪᠠᠯᠭᠠᠰᠤ ᠶᠢᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠲᠤ ᠬᠦᠷᠢᠶᠡᠯᠡᠩ ᠪᠠ ᠬᠡᠭᠡᠨᠴᠢᠷ ᠰᠠᠷᠭᠠᠢ | ᠴᠡᠴᠡᠭ ᠤᠨ ᠬᠦᠷᠢᠶᠡᠯᠡᠩ ᠤᠨ ᠲᠠᠷᠢᠮᠠᠯ ᠤᠨ ᠲᠥᠷᠦᠯ ᠵᠦᠢᠯ ᠢ ᠪᠠᠶᠢᠴᠠᠭᠠᠨ ᠦᠵᠡᠪᠡ᠃ | ᠲᠤᠬᠠᠢ ᠶᠢᠨ ᠭᠠᠵᠠᠷ ᠲᠤ ᠨᠢ ᠬᠦᠷᠬᠦ ᠪᠣᠯᠭᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠲᠥᠷᠦᠯ | ᠵᠦᠢᠯ ᠤᠨ ᠬᠡᠷᠡᠭᠵᠢᠭᠦᠯᠦᠯᠲᠡ ᠶᠢᠨ ᠪᠠᠶᠢᠳᠠᠯ ᠵᠢᠴᠢ ᠠᠬᠢᠴᠠ ᠳᠣᠮᠳᠠ ᠣᠷᠤᠰᠢᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠨᠠᠷᠢᠯᠢᠭ ᠠᠰᠠᠭᠤᠵᠤ ᠪᠠᠶᠢᠯ᠎ᠠ᠃ | ᠣᠶᠢᠯᠭᠠᠭᠰᠠᠨ ᠢᠶᠠᠷ᠂ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ | ᠦᠷᠨᠢᠭᠦᠯᠵᠤ ᠪᠠᠶᠢᠭ᠎ᠠ ᠨᠢ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ | ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠣᠣᠱᠠᠯᠠᠭᠤᠯᠣᠨ ᠨᠠᠶᠢᠳᠠᠪᠤᠷᠢᠵᠢᠭᠤᠯᠤᠯᠲᠠ ᠳᠤ ᠬᠢᠭᠰᠡᠨ | ᠪᠥᠬᠦ ᠲᠠᠯ᠎ᠠ ᠶᠢᠨ ᠪᠠᠶᠢᠴᠠᠭᠠᠯᠲᠠ ᠪᠣᠯᠬᠤ ᠮᠥᠷᠲᠡᠭᠡᠨ ᠡᠯ᠎ᠡ ᠭᠠᠵᠠᠷ ᠣᠷᠤᠨ ᠤ ᠠᠵᠤ ᠠᠬᠤᠢ ᠨᠡᠶᠢᠭᠡᠮ ᠤᠨ ᠡᠯ᠎ᠡ | ᠠᠵᠢᠯ ᠦᠢᠯᠡᠰ ᠤᠨ ᠬᠥᠭᠵᠢᠯᠲᠡ ᠶᠢᠨ ᠬᠦᠴᠦᠲᠠᠢ ᠲᠦᠯᠬᠢᠨ ᠠᠬᠢᠭᠤᠯᠲᠠ ᠪᠣᠯᠬᠤ ᠶᠤᠮ᠃ ᠬᠤᠲᠠ ᠶᠢᠨ ᠵᠠᠰᠠᠭ ᠤᠨ | ᠣᠷᠳᠤᠨ ᠤ ᠳᠠᠮᠵᠢᠭᠤᠯᠤᠨ ᠲᠠᠷᠬᠠᠭᠠᠭᠰᠠᠨ《2018 ᠣᠨ ᠤ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ | ᠰᠢᠮᠳᠠᠭᠤᠯᠤᠨ ᠪᠠᠶᠢᠴᠠᠭᠠᠯᠲᠠ ᠦᠷᠨᠢᠭᠦᠯᠬᠦ ᠲᠤᠬᠠᠢ ᠲᠥᠷᠦ ᠶᠢᠨ ᠶᠠᠪᠤᠳᠠᠯ ᠤᠨ ᠬᠤᠷᠢᠶ᠎ᠠ ᠶᠢᠨ | ᠮᠡᠳᠡᠭᠳᠡᠯ》ᠪᠠ《2018 ᠣᠨ ᠤ ᠲᠥᠷᠦ ᠶᠢᠨ ᠶᠠᠪᠤᠳᠠᠯ ᠤᠨ ᠬᠤᠷᠢᠶ᠎ᠠ ᠶᠡᠭᠡ ᠰᠢᠮᠳᠠᠭᠤᠯᠤᠨ ᠪᠠᠶᠢᠴᠠᠭᠠᠯᠲᠠ ᠶᠢᠨ | ᠬᠦᠬᠡᠬᠤᠲᠠ ᠶᠢᠨ ᠦᠪᠡᠷᠲᠡᠭᠡᠨ ᠪᠠᠶᠢᠴᠠᠭᠠᠵᠤ ᠰᠢᠯᠭᠠᠨ ᠪᠠᠶᠢᠴᠠᠭᠠᠯᠲᠠ ᠶᠢ ᠤᠭᠲᠤᠬᠤ ᠠᠵᠢᠯ ᠤᠨ ᠲᠥᠰᠦᠯ》 ᠤᠨ | ᠳᠠᠷᠠᠭ᠎ᠠ᠂ ᠦᠴᠦᠸᠠᠨ ᠰᠢᠶᠠᠨ ᠳᠠᠷᠤᠢ ᠲᠦᠷᠭᠡᠨ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ | ᠲᠤᠬᠢᠷᠠᠭᠤᠯᠤᠨ ᠪᠠᠶᠢᠷᠢᠯᠠᠭᠤᠯᠵᠤ᠂ ᠦᠪᠡᠷᠲᠡᠭᠡᠨ ᠪᠠᠶᠢᠴᠠᠭᠠᠵᠤ ᠰᠢᠯᠭᠠᠨ ᠪᠠᠶᠢᠴᠠᠭᠠᠯᠲᠠ ᠶᠢ ᠤᠭᠲᠤᠬᠤ ᠠᠵᠢᠯ ᠤᠨ | ᠲᠥᠰᠦᠯ ᠲᠣᠭᠲᠠᠭᠠᠵᠤ᠂ ᠳᠠᠷᠤᠢ ᠲᠦᠷᠭᠡᠨ ᠢᠶᠠᠷ ᠵᠠᠰᠠᠭ ᠤᠨ ᠣᠷᠳᠤᠨ ᠤ ᠭᠤᠣᠯ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠤᠯᠭᠠᠭᠰᠠᠨ ᠰᠢᠯᠭᠠᠨ ᠪᠠᠶᠢᠴᠠᠭᠠᠯᠲᠠ ᠶᠢ ᠤᠭᠲᠤᠬᠤ ᠠᠵᠢᠯ ᠤᠨ ᠤᠳᠤᠷᠢᠳᠬᠤ ᠪᠠᠭ᠎ᠠ | ᠳᠤᠭᠤᠶᠢᠯᠠᠩ ᠪᠠᠶᠢᠭᠤᠯᠵᠤ᠂ ᠦᠪᠡᠷᠲᠡᠭᠡᠨ ᠪᠠᠶᠢᠴᠠᠭᠠᠬᠤ ᠵᠢᠴᠢ ᠬᠤᠯᠪᠤᠭᠳᠠᠯ ᠪᠦᠬᠦᠢ ᠪᠡᠯᠡᠳᠬᠡᠯ ᠠᠵᠢᠯ ᠢ ᠪᠥᠬᠦ | ᠲᠠᠯ᠎ᠠ ᠪᠠᠷ ᠥᠷᠨᠢᠭᠦᠯᠪᠡ᠃ ᠡᠭᠦᠨ ᠤ ᠬᠠᠮᠲᠤ ᠤᠬᠠᠭᠤᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠨ᠂ | ᠠᠰᠠᠭᠤᠳᠠᠯ ᠠᠴᠠ ᠵᠠᠶᠢᠯᠠᠰᠬᠢᠬᠤ ᠦᠭᠡᠢ᠂ ᠣᠯᠠᠨ ᠲᠥᠮᠡᠨ ᠤ ᠬᠦᠰᠡᠯ ᠱᠠᠭᠠᠷᠳᠠᠯᠭ᠎ᠠ ᠪᠠᠨ ᠳᠤᠰᠬᠠᠬᠤ ᠠᠷᠭ᠎ᠠ ᠵᠠᠮ ᠢ | ᠰᠠᠭᠠᠳ ᠦᠭᠡᠢ ᠨᠡᠪᠲᠡᠷᠡᠭᠦᠯᠬᠦ ᠣᠪᠤᠷ ᠢᠶᠠᠷ ᠣᠯᠠᠨ ᠲᠥᠮᠡᠨ ᠤ ᠰᠠᠨᠠᠯ ᠵᠦᠪᠯᠡᠯᠭᠡ ᠳᠤᠷᠠᠳᠤᠨ ᠠᠷᠭ᠎ᠠ ᠤᠬᠠᠭᠠᠨ | ᠭᠠᠷᠭᠠᠬᠤ ᠢᠳᠡᠪᠬᠢᠵᠢᠯ ᠢ ᠳᠠᠶᠢᠴᠢᠯᠠᠵᠤ᠂ ᠣᠷᠤᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠨ ᠲᠣᠳᠤᠯᠠᠵᠤ᠂ | ᠲᠤᠭᠤᠷᠠᠲᠠᠯ᠎ᠠ ᠰᠣᠳᠤᠯᠵᠤ᠂ ᠰᠠᠶᠢᠲᠤᠷ ᠰᠢᠢᠳᠪᠦᠷᠢᠯᠡᠭᠰᠡᠨ ᠪᠠᠶᠢᠬᠤ ᠶᠢ ᠪᠠᠲᠤᠯᠠᠪᠠ᠃ | ᠲᠥᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠶᠢᠨ ᠱᠠᠭᠠᠷᠳᠠᠯᠭ᠎ᠠ ᠪᠠ | ᠥᠪᠡᠷᠲᠡᠭᠡᠨ ᠵᠠᠰᠠᠬᠤ ᠣᠷᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠷ᠂ ᠦᠴᠦᠸᠠᠨ ᠰᠢᠶᠠᠨ ᠤ ᠪᠤᠲᠠᠲᠤ | ᠪᠠᠶᠢᠳᠠᠯ ᠲᠠᠢ ᠤᠶᠠᠯᠳᠤᠭᠤᠯᠤᠨ᠂ ᠬᠦᠨᠳᠦ ᠶᠡᠭᠡ ᠠᠶᠤᠯ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ᠂ | ᠶᠠᠳᠠᠭᠤ ᠶᠢ ᠲᠡᠳᠬᠦᠬᠦ ᠠᠵᠢᠯ᠂ ᠪᠣᠬᠢᠷᠳᠤᠯ ᠢ ᠰᠡᠷᠭᠡᠶᠢᠯᠡᠨ ᠵᠠᠰᠠᠬᠤ᠂ ᠬᠦᠳᠡᠭᠡ ᠲᠤᠰᠬᠤᠨ ᠢ ᠬᠦᠭᠵᠢᠭᠦᠯᠦᠨ | ᠮᠠᠨᠳᠤᠭᠤᠯᠬᠤ᠂ ᠰᠢᠨ᠎ᠡ ᠶᠢ ᠡᠭᠦᠳᠬᠦ ᠪᠠᠷ ᠬᠦᠭᠵᠢᠯᠲᠡ ᠶᠢ ᠳᠠᠶᠢᠴᠢᠯᠠᠬᠤ᠂《ᠪᠠᠭᠤᠯᠭᠠᠬᠤ᠂ ᠤᠶᠠᠯᠳᠤᠭᠤᠯᠬᠤ᠂ | ᠰᠢᠯᠢᠳᠡᠭᠵᠢᠭᠦᠯᠬᠦ》ᠦᠭᠡᠷᠡᠴᠢᠯᠡᠯᠲᠡ᠂ ᠳᠣᠲᠤᠭᠠᠳᠤ ᠬᠡᠷᠡᠭᠴᠡᠭᠡ ᠪᠠᠨ ᠦᠷᠬᠦᠯᠵᠢᠯᠡᠨ ᠥᠷᠭᠡᠳᠬᠡᠬᠦ᠂ ᠠᠷᠠᠳ ᠤᠨ | ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ᠂ ᠭᠠᠵᠠᠷ ᠣᠷᠤᠨ ᠤ ᠤᠨᠴᠠᠯᠢᠭᠲᠤ ᠠᠷᠠᠯᠵᠢᠶ᠎ᠠ ᠬᠤᠳᠠᠯᠳᠤᠭᠠᠨ ᠤ | ᠣᠷᠴᠢᠨ ᠢ ᠪᠣᠢ ᠪᠤᠯᠭᠠᠬᠤ ᠵᠡᠷᠭᠡ ᠶᠢᠰᠦᠨ ᠲᠠᠯ᠎ᠠ ᠪᠠᠷ ᠥᠪᠡᠷ ᠤᠨ ᠪᠠᠶᠢᠴᠠᠭᠠᠯᠲᠠ ᠬᠢᠪᠡ᠃ |