ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠪᠠᠲᠤᠯᠠᠬᠤ ᠠᠵᠢᠯ ᠢ ᠪᠠᠶᠢᠩᠭᠤᠵᠢᠭᠤᠯᠬᠤ | ᠳᠦᠷᠢᠮᠵᠢᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ | ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢᠨ ᠲᠤᠰᠠᠳᠠ᠂ 6 ᠳ᠋ᠤᠭᠠᠷ ᠰᠠᠷ᠎ᠠ ᠶᠢᠨ 2 ᠤᠨ | ᠡᠳᠦᠷ᠂ ᠬᠤᠲᠠ ᠶᠢᠨ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠱᠢ ᠬᠠᠶ ᠱᠧᠩ ᠨᠠᠷ ᠤᠨ ᠴᠢᠩ ᠱᠦᠢ ᠾᠧ ᠰᠢᠶᠠᠨ ᠳᠤ ᠬᠦᠷᠴᠦ ᠵᠠᠰᠠᠭ ᠤᠨ ᠣᠷᠳᠣᠨ ᠤ ᠲᠥᠷᠥᠯ ᠵᠦᠢᠯ ᠤᠨ | ᠢᠨᠵᠧᠨᠧᠷᠢᠩ ᠢ ᠪᠠᠶᠢᠴᠠᠭᠠᠪᠠ᠃ | ᠶᠠᠷᠢᠯᠴᠠᠬᠤ ᠬᠤᠷᠠᠯ ᠳᠡᠭᠡᠷ᠎ᠡ᠂ ᠮᠠᠨ ᠤ ᠰᠢᠶᠠᠨ ᠤ ᠪᠠᠶᠢᠭᠤᠯᠵᠤ ᠪᠠᠶᠢᠭ᠎ᠠ ᠪᠡᠯᠡ ᠣᠷᠣᠭᠤᠯᠤᠯᠲᠠ ᠶᠢᠨ 6 | ᠲᠥᠷᠥᠯ ᠵᠦᠢᠯ ᠳᠤ ᠴᠢᠭᠯᠡᠭᠦᠯᠦᠨ᠂ ᠰᠢᠶᠠᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠬᠠᠷᠢᠭᠤᠴᠠᠯᠭᠠᠲᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ | ᠲᠤᠬᠠᠶ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢᠨ ᠬᠠᠷᠢᠭᠤ ᠮᠡᠳᠡᠭᠦᠯᠦᠯᠲᠡ ᠬᠢᠵᠦ᠂ | ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠠᠷᠪᠠᠨ ᠪᠠᠶᠢᠴᠠᠭᠠᠬᠤ ᠲᠦᠷᠢᠮ ᠯᠤᠭ᠎ᠠ ᠬᠠᠷᠢᠴᠠᠭᠤᠯᠤᠨ᠂ 6 ᠲᠦᠷᠦᠯ | ᠵᠦᠢᠯ ᠤᠨ ᠬᠠᠷᠢᠭᠤᠴᠠᠯᠭᠠᠲᠠᠨ ᠲᠠᠢ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠥᠭᠬᠦ ᠶᠢ ᠪᠠᠲᠤᠯᠠᠬᠤ ᠵᠡᠷᠭᠡ ᠪᠣᠳᠠᠲᠠᠢ ᠠᠵᠢᠯ ᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ | ᠲᠤᠬᠠᠢ ᠲᠤᠬᠠᠶ ᠶᠢᠨ ᠭᠠᠵᠠᠷ ᠲᠤ ᠨᠢ ᠶᠠᠷᠢᠯᠴᠠᠵᠤ᠂ ᠲᠡᠷᠡᠭᠠᠴᠢ ᠶᠢᠨ ᠠᠯᠬᠤᠮ ᠤᠨ ᠠᠵᠢᠯ ᠤᠨ ᠲᠤᠬᠠᠶ ᠮᠠᠰᠢ ᠰᠠᠶᠢᠨ | ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠰᠢᠶᠠᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠥᠵᠢᠯ᠂ ᠰᠣᠶᠣᠯ ᠤᠷᠠᠯᠢᠭ᠂ | ᠤᠰᠤᠨ ᠤ ᠶᠠᠪᠤᠳᠠᠯ᠂ ᠡᠳ᠋ ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ |