︽ᠭᠤᠣᠯᠳᠠᠯᠭ᠎ᠠ ᠶᠢ ᠳᠣᠪᠣᠶᠢᠯᠭᠠᠵᠣ᠂ ᠨᠢᠭᠡᠲᠦᠯᠲᠡᠢ ᠲᠦᠯᠦᠪᠵᠢᠭᠦᠯᠦᠨ᠂ ᠠᠯᠬᠤᠮ ᠳᠠᠷᠠᠭ᠎ᠠ ᠲᠠᠢ | ᠬᠡᠷᠡᠭᠵᠢᠭᠦᠯᠵᠦ᠂ ᠡᠮᠬᠢ ᠵᠢᠷᠣᠮ ᠲᠠᠢ ᠲᠦᠯᠬᠢᠨ ᠠᠬᠢᠭᠤᠯᠵᠣ᠂ ᠠᠮᠣᠷ ᠲᠦᠪᠰᠢᠨ ᠦᠨᠳᠦᠷ ᠪᠦᠲᠦᠮᠵᠢᠲᠡᠢ ᠪᠠᠶᠢᠬᠤ︾ | ᠵᠠᠷᠴᠢᠮ ᠶᠣᠰᠣᠭᠠᠷ᠂ ᠬᠤᠷᠢᠨᠭᠡᠷ ᠰᠢᠶᠠᠨ ᠺᠠᠳ᠋ᠷ ᠤᠨ ᠠᠵᠢᠯᠲᠠᠨ ᠤ ᠶᠠᠪᠣᠳᠠᠯ ᠤᠨ ᠳᠠᠩᠰᠠ ᠡᠪᠬᠡᠮᠡᠯ ᠢ | ᠲᠣᠭᠠᠵᠢᠭᠤᠯᠬᠤ ᠪᠠᠶᠢᠭᠤᠯᠣᠯᠲᠠ ᠶᠢᠨ ᠠᠵᠢᠯ ᠢ ᠲᠣᠭᠲᠠᠭᠤᠨ ᠢᠶᠠᠷ ᠲᠦᠯᠬᠢᠨ ᠠᠬᠢᠭᠤᠯᠵᠣ᠂ ᠣᠳᠣ ᠵᠣᠬᠢᠶᠠᠨ | ᠪᠠᠶᠢᠭᠤᠯᠬᠤ ᠬᠡᠯᠲᠡᠰ ᠠᠴᠠ ᠨᠢᠭᠡᠨᠲᠡ ᠬᠠᠮᠢᠶᠠᠷᠣᠭᠳᠠᠵᠣ ᠪᠠᠶᠢᠭ᠎ᠠ 679 ᠺᠠᠳ᠋ᠷᠴᠤᠳ ᠤᠨ ᠠᠵᠢᠯᠲᠠᠨ ᠤ ᠶᠠᠪᠣᠳᠠᠯ ᠤᠨ | ᠳᠠᠩᠰᠠ ᠡᠪᠬᠡᠮᠡᠯ ᠤᠨ ᠲᠣᠭᠠᠵᠢᠭᠤᠯᠣᠯᠲᠠ ᠶᠢᠨ ᠠᠵᠢᠯ ᠢ ᠳᠠᠭᠤᠰᠬᠠᠭᠰᠠᠨ ᠪᠠᠶᠢᠨ᠎ᠠ᠃ ᠣᠳᠣᠬᠠᠨ ᠳᠤ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ ᠠᠴᠠ ᠬᠠᠮᠢᠶᠠᠷᠴᠣ ᠪᠠᠶᠢᠭ᠎ᠠ ᠠᠵᠢᠯᠲᠠᠨ ᠤ | ᠶᠠᠪᠣᠳᠠᠯ ᠤᠨ ᠳᠠᠩᠰᠠ ᠡᠪᠬᠡᠮᠡᠯ ᠢ ᠲᠣᠭᠠᠵᠢᠭᠤᠯᠬᠤ ᠠᠵᠢᠯ ᠢ ᠲᠦᠯᠬᠢᠨ ᠶᠠᠪᠣᠭᠳᠠᠭᠤᠯᠵᠣ ᠪᠣᠢ᠃ | ᠨᠢᠭᠡ ᠳᠤ᠂ ᠨᠢᠭᠡᠲᠦᠯᠲᠡᠢ ᠲᠦᠯᠦᠪᠵᠢᠭᠦᠯᠦᠨ ᠬᠠᠮᠵᠢᠯᠴᠠᠬᠤ ᠶᠢ ᠴᠢᠩᠭᠠᠳᠬᠠᠵᠣ᠂ ᠠᠯᠪᠠᠨ ᠵᠠᠷᠣᠳᠠᠯ ᠤᠨ | ᠴᠠᠭ ᠲᠣᠬᠠᠢ ᠳᠤᠨᠢ ᠬᠦᠷᠦᠯᠴᠡᠬᠦ ᠶᠢ ᠪᠠᠲᠣᠯᠠᠬᠤ ᠬᠡᠷᠡᠭᠲᠡᠢ᠃ ᠠᠵᠢᠯᠲᠠᠨ ᠤ ᠶᠠᠪᠣᠳᠠᠯ ᠤᠨ ᠳᠠᠩᠰᠠ ᠡᠪᠬᠡᠮᠡᠯ ᠢ | ᠲᠣᠭᠠᠵᠢᠭᠤᠯᠬᠤ ᠪᠠᠶᠢᠭᠤᠯᠣᠯᠲᠠ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠢ | ᠢᠳᠡᠪᠬᠢᠲᠡᠢ ᠬᠠᠮᠵᠢᠯᠴᠠᠭᠤᠯᠵᠣ᠂ ᠪᠦᠲᠦᠭᠡᠨ ᠪᠠᠶᠢᠭᠤᠯᠣᠯᠲᠠ ᠶᠢᠨ ᠪᠡᠯᠡ ᠮᠦᠩᠭᠦ ᠭᠤᠶᠣᠴᠢᠯᠠᠵᠣ᠂ ᠠᠯᠪᠠᠨ | ᠵᠠᠷᠣᠳᠠᠯ ᠤᠨ ᠪᠠᠲᠣᠯᠠᠭ᠎ᠠ᠂ ᠵᠥᠭᠡᠯᠡᠨ ᠬᠠᠲᠠᠭᠤ ᠲᠣᠨᠤᠭ ᠲᠦᠭᠦᠭᠡᠷᠦᠮᠵᠢ ᠶᠢ ᠬᠤᠳᠠᠯᠳᠣᠨ ᠠᠪᠬᠤ ᠵᠡᠷᠭᠡ ᠡᠮᠦᠨᠡᠬᠢ | ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠣᠷ ᠬᠢᠵᠦ᠂ ᠳᠠᠩᠰᠠ ᠡᠪᠬᠡᠮᠡᠯ ᠤᠨ ᠲᠣᠭᠠᠵᠢᠭᠤᠯᠬᠤ ᠪᠦᠲᠦᠭᠡᠨ | ᠪᠠᠶᠢᠭᠤᠯᠣᠯᠲᠠ ᠶᠢᠨ ᠪᠦᠬᠦᠯᠢ ᠴᠣᠭᠴᠠ ᠶᠢᠨ ᠵᠣᠬᠢᠴᠠᠭᠤᠯᠣᠯᠲᠠ ᠶᠢ ᠲᠦᠯᠬᠢᠨ ᠠᠬᠢᠭᠤᠯᠬᠤ ᠳᠤ ᠠᠯᠪᠠᠨ ᠵᠠᠷᠣᠳᠠᠯ ᠤᠨ | ᠪᠠᠲᠣᠯᠠᠭ᠎ᠠ ᠬᠠᠩᠭᠠᠨ᠎ᠠ᠃ | ᠬᠤᠶᠠᠷ ᠲᠤ᠂ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠪᠠᠨ ᠴᠢᠩᠭᠠᠳᠬᠠᠵᠣ᠂ ᠦᠨᠳᠦᠰᠦᠨ | ᠰᠠᠭᠤᠷᠢ ᠶᠢᠨ ᠴᠢᠨᠠᠷ ᠴᠢᠨᠰᠠᠭ᠎ᠠ ᠶᠢ ᠪᠠᠲᠣᠯᠠᠬᠤ ᠬᠡᠷᠡᠭᠲᠡᠢ᠃ ᠠᠵᠢᠯᠲᠠᠨ ᠤ ᠶᠠᠪᠣᠳᠠᠯ ᠤᠨ ᠳᠠᠩᠰᠠ ᠡᠪᠬᠡᠮᠡᠯ ᠢ | ᠲᠣᠭᠠᠵᠢᠭᠤᠯᠬᠤ ᠪᠠᠶᠢᠭᠤᠯᠣᠯᠲᠠ ᠶᠢᠨ ᠠᠵᠢᠯ ᠢ ᠪᠦᠬᠦ ᠰᠢᠶᠠᠨ ᠤ ᠵᠣᠬᠢᠶᠠᠨ ᠪᠠᠶᠢᠭᠤᠯᠣᠯᠲᠠ ᠶᠢᠨ ᠠᠵᠢᠯ ᠳᠣᠮᠳᠠᠬᠢ | ᠴᠢᠬᠤᠯᠠ ᠠᠵᠢᠯ ᠪᠣᠯᠭᠠᠨ ᠪᠠᠶᠢᠷᠢᠯᠠᠭᠤᠯᠵᠣ᠂ ᠲᠣᠰᠬᠠᠢ ᠰᠡᠳᠦᠪᠲᠦ ᠬᠤᠷᠠᠯ ᠬᠤᠷᠠᠯᠳᠣᠭᠤᠯᠵᠣ᠂ ᠲᠣᠰᠬᠠᠢ | ᠪᠠᠶᠢᠷᠢᠯᠠᠭᠤᠯᠣᠯᠲᠠ ᠬᠢᠬᠦ ᠬᠡᠷᠡᠭᠲᠡᠢ᠃ ᠲᠣᠭᠠᠵᠢᠭᠤᠯᠣᠯᠲᠠ ᠶᠢᠨ ᠪᠦᠲᠦᠭᠡᠨ ᠪᠠᠶᠢᠭᠤᠯᠣᠯᠲᠠ ᠶᠢᠨ ᠠᠵᠢᠯ ᠤᠨ | ᠠᠭᠤᠯᠭ᠎ᠠ᠂ ᠠᠷᠭ᠎ᠠ ᠪᠠᠷᠢᠯ ᠠᠯᠬᠤᠮ ᠳᠠᠷᠠᠭ᠎ᠠ ᠪᠣᠯᠣᠨ ᠴᠢᠨᠠᠷ ᠴᠢᠨᠰᠠᠭ᠎ᠠ ᠱᠠᠭᠠᠷᠳᠠᠯᠭ᠎ᠠ ᠶᠢ ᠲᠣᠳᠣᠷᠬᠠᠢ ᠪᠣᠯᠭᠠᠵᠣ᠂ | ᠡᠯ᠎ᠡ ᠪᠠᠶᠢᠭᠤᠯᠭ᠎ᠠ ᠨᠢᠭᠡᠴᠡ ᠶᠢ ᠲᠣᠰᠬᠠᠢ ᠬᠦᠮᠦᠨ ᠲᠣᠬᠢᠷᠠᠭᠤᠯᠵᠣ᠂ ᠲᠣᠭᠠᠵᠢᠭᠤᠯᠣᠯᠲᠠ ᠶᠢᠨ ᠠᠵᠢᠯ ᠤᠨ | ᠪᠠᠶᠢᠭᠤᠯᠣᠯᠲᠠ ᠶᠢ ᠣᠷᠢᠳᠴᠢᠯᠠᠨ ᠪᠡᠯᠡᠳᠬᠡᠬᠦ ᠶᠢ ᠱᠠᠭᠠᠷᠳᠠᠵᠣ᠂ ᠬᠠᠮᠤᠭ ᠣᠬᠤᠷ ᠴᠠᠭ ᠲᠤ ᠪᠠᠲᠣ ᠪᠠᠬᠢ ᠰᠠᠭᠤᠷᠢ ᠶᠢ | ᠲᠠᠯᠪᠢᠵᠣ᠂ ᠲᠣᠭᠠᠵᠢᠭᠤᠯᠬᠤ ᠠᠵᠢᠯ ᠤᠨ ᠣᠷᠣᠭᠰᠢᠲᠠᠢ ᠶᠠᠪᠣᠭᠳᠠᠬᠤ ᠶᠢ ᠪᠠᠲᠣᠯᠠᠬᠤ ᠬᠡᠷᠡᠭᠲᠡᠢ᠃ | ᠭᠤᠷᠪᠠ ᠳᠤ᠂ ᠣᠷᠬᠢᠭᠳᠠᠭᠤᠯᠣᠭᠰᠠᠨ ᠢ ᠪᠠᠶᠢᠴᠠᠭᠠᠵᠣ ᠳᠣᠲᠠᠭᠰᠠᠨ ᠢ ᠨᠦᠬᠦᠪᠦᠷᠢᠯᠡᠬᠦ ᠶᠢ ᠴᠢᠬᠤᠯᠠᠴᠢᠯᠠᠵᠣ᠂ | ᠮᠠᠲ᠋ᠧᠷᠢᠶᠠᠯ ᠢ ᠳᠦᠷᠢᠮᠵᠢᠭᠦᠯᠵᠦ ᠨᠦᠬᠦᠪᠦᠷᠢᠯᠡᠬᠦ ᠬᠡᠷᠡᠭᠲᠡᠢ᠃ ᠠᠵᠢᠯᠲᠠᠨ ᠤ ᠶᠠᠪᠣᠳᠠᠯ ᠤᠨ ᠳᠠᠩᠰᠠ ᠡᠪᠬᠡᠮᠡᠯ ᠤᠨ | ᠲᠣᠰᠬᠠᠢ ᠵᠦᠢᠯ ᠤᠨ ᠬᠢᠨᠠᠨ ᠰᠢᠯᠭᠠᠯᠲᠠ ᠶᠢᠨ ᠰᠠᠭᠤᠷᠢᠨ ᠳᠡᠭᠡᠷ᠎ᠡ᠂ ︽ᠡᠪᠬᠡᠮᠡᠯ ᠳᠠᠷᠠᠭᠠᠯᠠᠨ ᠪᠠᠶᠢᠴᠠᠭᠠᠵᠣ᠂ ᠵᠦᠢᠯ | ᠳᠠᠷᠠᠭᠠᠯᠠᠨ ᠬᠠᠷᠭᠤᠭᠤᠯᠬᠤ︾ ᠠᠷᠭ᠎ᠠ ᠬᠡᠮᠵᠢᠶ᠎ᠡ ᠶᠢ ᠠᠪᠴᠣ᠂ ᠺᠠᠳ᠋ᠷ ᠤᠨ ᠬᠢᠨᠠᠨ ᠰᠢᠯᠭᠠᠯᠲᠠ᠂ ᠠᠵᠢᠯ ᠤᠨ | ᠰᠢᠯᠵᠢᠯᠲᠡ ᠵᠡᠷᠭᠡ ᠨᠦᠬᠦᠪᠦᠷᠢᠯᠡᠬᠦ ᠳᠤ ᠬᠦᠴᠢᠷᠲᠡᠢ᠂ ᠴᠣᠭᠯᠠᠭᠤᠯᠬᠤ ᠳᠤ ᠳᠦᠭᠦᠮ ᠦᠭᠡᠢ ᠮᠠᠲ᠋ᠧᠷᠢᠶᠠᠯ ᠤᠨ | ᠲᠣᠭᠤᠷᠢᠨ ᠳᠤ ᠭᠤᠣᠯᠳᠠᠯᠭ᠎ᠠ ᠲᠠᠢ ᠪᠠᠶᠢᠴᠠᠭᠠᠨ᠎ᠠ᠃ ︽ᠺᠠᠳ᠋ᠷ ᠤᠨ ᠠᠵᠢᠯᠲᠠᠨ ᠤ ᠶᠠᠪᠣᠳᠠᠯ ᠤᠨ ᠳᠠᠩᠰᠠ | ᠡᠪᠬᠡᠮᠡᠯ ᠤᠨ ᠮᠠᠲ᠋ᠧᠷᠢᠶᠠᠯ ᠳᠣᠲᠠᠭᠳᠠᠵᠣ ᠪᠠᠶᠢᠭ᠎ᠠ ᠪᠠᠶᠢᠳᠠᠯ ᠤᠨ ᠡᠮᠬᠢᠳᠬᠡᠯ ᠤᠨ ᠬᠦᠰᠦᠨᠦᠭᠲᠦ︾ ᠶᠢ ᠲᠠᠷᠬᠠᠭᠠᠬᠤ ᠪᠠᠷ | ᠳᠠᠮᠵᠢᠵᠣ᠂ ᠡᠯ᠎ᠡ ᠪᠠᠶᠢᠭᠤᠯᠭ᠎ᠠ ᠪᠣᠶᠣ ᠬᠤᠪᠢ ᠬᠦᠮᠦᠨ ᠲᠠᠢ ᠨᠢ ᠬᠠᠷᠢᠴᠠᠵᠣ᠂ ᠥᠪᠡᠷᠲᠡᠭᠡᠨ ᠪᠠᠶᠢᠴᠠᠭᠠᠵᠣ | ᠥᠪᠡᠷᠲᠡᠭᠡᠨ ᠨᠦᠬᠦᠪᠦᠷᠢᠯᠡᠬᠦ ᠠᠵᠢᠯ ᠢ ᠶᠠᠪᠣᠭᠳᠠᠭᠤᠯᠵᠣ᠂ ᠬᠤᠯᠪᠣᠭᠳᠠᠯ ᠪᠦᠬᠦᠢ ᠱᠠᠭᠠᠷᠳᠠᠯᠭ᠎ᠠ ᠪᠣᠯᠣᠨ ᠲᠣᠰᠢᠶᠠᠬᠤ | ᠴᠠᠭ ᠬᠢᠵᠠᠭᠠᠷ ᠢ ᠲᠣᠳᠣᠷᠬᠠᠶᠢᠯᠠᠪᠠ᠃ ᠳᠠᠩᠰᠠ ᠡᠪᠬᠡᠮᠡᠯ ᠳᠣᠮᠳᠠ ᠲᠠᠭᠯᠠᠭᠰᠠᠨ ᠠᠭᠤᠯᠭ᠎ᠠ ᠨᠢ ᠳᠦᠷᠢᠮᠵᠢᠭᠡ ᠦᠭᠡᠢ᠂ | ᠳᠠᠪᠬᠤᠷᠳᠠᠵᠣ ᠪᠠᠶᠢᠭ᠎ᠠ ᠵᠦᠢᠯ ᠪᠠᠶᠢᠪᠠᠯ ᠢᠯᠭᠠᠨ ᠭᠠᠷᠭᠠᠵᠣ᠂ ᠳᠠᠩᠰᠠ ᠡᠪᠬᠡᠮᠡᠯ ᠪᠦᠷᠢ ᠶᠢᠨ ᠮᠠᠲ᠋ᠧᠷᠢᠶᠠᠯ ᠤᠨ | ᠳᠦᠷᠢᠮᠵᠢᠭᠰᠡᠨ ᠪᠠᠶᠢᠬᠤ᠂ ᠣᠨᠣᠪᠴᠢᠲᠠᠢ ᠮᠦᠷᠲᠡᠭᠡᠨ ᠪᠦᠷᠢᠨ ᠪᠤᠰᠤ ᠪᠠᠶᠢᠬᠤ ᠶᠢ ᠪᠠᠲᠣᠯᠠᠬᠤ ᠬᠡᠷᠡᠭᠲᠡᠢ᠃ | ᠣᠳᠣᠬᠠᠨ ᠳᠤ ᠲᠣᠯᠲᠠᠯ᠎ᠠ᠂ ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠣᠯᠠᠭ᠎ᠠ ᠶᠢᠨ | ᠲᠣᠪᠴᠢᠶ᠎ᠠ ︽ᠺᠠᠳ᠋ᠷ ᠤᠨ ᠠᠵᠢᠯᠲᠠᠨ ᠤ ᠶᠠᠪᠣᠳᠠᠯ ᠤᠨ ᠳᠠᠩᠰᠠ ᠡᠪᠬᠡᠮᠡᠯ ᠤᠨ ᠮᠠᠲ᠋ᠧᠷᠢᠶᠠᠯ ᠳᠣᠲᠠᠭᠳᠠᠵᠣ ᠪᠠᠶᠢᠭ᠎ᠠ | ᠪᠠᠶᠢᠳᠠᠯ ᠤᠨ ᠡᠮᠬᠢᠳᠬᠡᠯ ᠤᠨ ᠬᠦᠰᠦᠨᠦᠭᠲᠦ︾ ᠶᠢ ᠨᠢᠭᠡᠨᠲᠡ ᠪᠦᠬᠦᠨ ᠢ ᠲᠠᠷᠬᠠᠭᠠᠵᠣ ᠳᠠᠭᠤᠰᠪᠠ᠃ 354 ᠡᠪᠬᠡᠮᠡᠯ ᠢ | ᠰᠢᠷᠪᠢᠵᠦ᠂ ᠳᠠᠩᠰᠠᠯᠠᠵᠣ ᠣᠷᠣᠭᠤᠯᠣᠭᠰᠠᠨ ᠨᠢ 652 ᠡᠪᠬᠡᠮᠡᠯ᠂ ᠡᠨᠡ ᠵᠢᠯ ᠤᠨ10 ᠰᠠᠷ᠎ᠠ ᠳᠤ ᠪᠦᠬᠦᠶᠢᠯᠡ | ᠰᠢᠷᠪᠢᠨ ᠳᠠᠩᠰᠠᠯᠠᠬᠤ ᠠᠵᠢᠯ ᠢ ᠳᠠᠭᠤᠰᠬᠠᠬᠤ ᠪᠠᠷ ᠪᠠᠶᠢᠨ᠎ᠠ᠃ |