ᠴᠠᠩ ᠾᠧ ᠯᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠶᠢᠭᠠᠯᠢ ᠶᠢᠨ ᠰᠢᠲᠠᠮᠠᠬᠠᠶ ᠬᠡᠢ ᠶᠢ ᠠᠶᠤᠯᠭᠦᠶ ᠬᠡᠷᠡᠭᠯᠡᠬᠦ ᠶᠡᠷᠦ ᠶᠢᠨ ᠮᠡᠳᠡᠯᠭᠡ ᠶᠢᠨ ᠪᠣᠯᠪᠠᠰᠤᠷᠠᠭᠤᠯᠤᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-08-17
     8 ᠰᠠᠷ᠎ᠠ ᠶᠢᠨ 14 ᠤ ᠦᠳᠡ ᠶᠢᠨ ᠡᠮᠦᠨ᠎ᠡ ᠶᠢᠨ ᠶᠢᠰᠦᠨ ᠴᠠᠭ ᠲᠤ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠨ ᠵᠠᠰᠠᠬᠤ ᠠᠯᠪᠠᠨ ᠬᠡᠷ ᠵᠢᠴᠢ ᠡᠯ᠎ᠡ ᠨᠡᠶᠢᠭᠡᠮ ᠲᠣᠭᠤᠷᠢᠭ ᠤᠨ40 ᠠᠵᠢᠯᠲᠠᠨ ᠲᠤᠭᠤᠷᠢᠭ ᠤᠨ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠶᠢᠨ ᠰᠢᠲᠠᠮᠠᠬᠠᠶ ᠭᠡᠢ ᠶᠢᠨ ᠠᠮᠤᠷ ᠲᠦᠪᠰᠢᠨ ᠤ ᠠᠯᠪᠠᠨ ᠬᠡᠷ ᠤᠨ ᠬᠤᠷᠠᠯᠳᠤᠭᠤᠯᠤᠭᠰᠠᠨ ᠪᠠᠶᠢᠭᠠᠯᠢ ᠶᠢᠨ ᠰᠢᠲᠠᠮᠠᠬᠠᠶ ᠬᠡᠢ ᠬᠡᠷᠡᠭᠯᠡᠬᠦ ᠶᠡᠷᠦ ᠶᠢᠨ ᠮᠡᠳᠡᠯᠭᠡ ᠶᠢᠨ ᠪᠣᠯᠪᠠᠰᠤᠷᠠᠭᠤᠯᠤᠯ ᠤᠨ ᠶᠡᠭᠡ ᠬᠤᠷᠠᠯ ᠳᠤ ᠤᠷᠤᠯᠴᠠᠵᠤ᠂ ᠪᠠᠶᠢᠭᠠᠯᠢ ᠶᠢᠨ ᠰᠢᠲᠠᠮᠠᠬᠠᠶ ᠬᠡᠢ  ᠶᠢ ᠠᠶᠤᠯᠭᠦᠶ ᠬᠡᠷᠡᠭᠯᠡᠬᠦ ᠶᠡᠷᠦ ᠶᠢᠨ ᠮᠡᠳᠡᠯᠭᠡ ᠶᠢ ᠰᠤᠷᠤᠯᠴᠠᠵᠤ᠂ ᠪᠠᠶᠢᠭᠠᠯᠢ ᠶᠢᠨ ᠰᠢᠲᠠᠮᠠᠬᠠᠶ ᠬᠡᠢ ᠶᠢ ᠠᠶᠤᠯᠭᠦᠶ ᠬᠡᠷᠡᠭᠯᠡᠬᠦ ᠦᠵᠡᠯ ᠤᠬᠠᠮᠰᠠᠷ ᠢ  ᠴᠢᠩᠭᠠᠳᠬᠠᠪᠠ᠃      ᠰᠢᠲᠠᠮᠠᠬᠠᠶ ᠭᠡᠢ ᠶᠢᠨ ᠠᠮᠤᠷ ᠲᠦᠪᠰᠢᠨ ᠤ ᠠᠯᠪᠠᠨ ᠬᠡᠷ ᠤᠨ ᠠᠵᠢᠯᠲᠠᠨ ᠡᠳᠦᠷ ᠲᠤᠲᠤᠮ ᠤᠨ ᠠᠮᠢᠳᠤᠷᠠᠯ ᠳᠤᠮᠳᠠ ᠬᠡᠷᠬᠢᠨ ᠠᠶᠤᠯᠭᠦᠢ ᠪᠠᠷ ᠬᠡᠢ ᠬᠡᠷᠡᠭᠯᠡᠬᠦ᠂ ᠪᠠᠴᠢᠮ ᠪᠠᠶᠢᠳᠠᠯ ᠲᠤᠯᠭᠠᠷᠠᠪᠠᠯ ᠬᠡᠷᠬᠢᠨ ᠪᠠᠴᠢᠮ ᠪᠠᠶᠢᠳᠠᠯ ᠢ ᠠᠷᠭᠠᠴᠠᠬᠤ ᠵᠢᠴᠢ ᠬᠡᠢ ᠬᠡᠷᠡᠭᠯᠡᠬᠦ ᠶᠠᠪᠤᠴᠠ ᠳᠤ ᠦᠷᠭᠦᠯᠵᠢ ᠲᠤᠯᠭᠠᠷᠠᠬᠤ ᠠᠰᠠᠭᠤᠳᠠᠯ ᠢ ᠨᠠᠷᠢᠨ ᠬᠢᠨᠠᠮᠠᠭᠠᠶ ᠲᠠᠶᠢᠯᠪᠤᠷᠢᠯᠠᠨ ᠥᠭᠴᠦ᠂ ᠲᠠᠶᠢᠯᠪᠤᠷᠢᠯᠠᠬᠤ ᠶᠠᠪᠤᠴᠠ ᠳᠤᠮᠳᠠ ᠪᠠᠨ ᠪᠠᠰᠠ ᠮᠠᠨ ᠤ ᠬᠤᠳᠠ ᠶᠢᠨ ᠦᠢᠷ᠎ᠡ ᠶᠢᠨ ᠵᠢᠯ ᠳᠤ ᠵᠣᠬᠢᠰ ᠦᠭᠡᠶ ᠪᠠᠷ ᠬᠡᠢ ᠬᠡᠷᠡᠭᠯᠡᠭᠰᠡᠨ ᠠᠴᠠ ᠪᠤᠯᠤᠭᠰᠠᠨ  ᠲᠡᠯᠪᠡᠷᠡᠯᠲᠡ ᠶᠢᠨ ᠬᠡᠷᠡᠭ ᠢᠶᠠᠷ ᠵᠢᠱᠢᠶ᠎ᠡ ᠲᠠᠲᠠᠵᠠᠢ᠃ ᠪᠠᠶᠢᠭᠠᠯᠢ ᠶᠢᠨ ᠰᠢᠲᠠᠮᠠᠬᠠᠶ ᠭᠡᠢ ᠶᠢᠨ ᠲᠤᠰᠬᠠᠶ ᠵᠥᠭᠡᠯᠡᠨ ᠬᠤᠭᠤᠯᠠᠶ ᠶᠢᠨ ᠲᠦᠷᠦᠯ ᠬᠡᠯᠪᠡᠷᠢ ᠪᠣᠯᠤᠨ ᠦᠢᠯᠡᠳᠦᠯ ᠢ ᠲᠠᠨᠢᠯᠴᠠᠭᠤᠯᠬᠤ ᠦᠶ᠎ᠡ ᠳᠤ᠂ ᠠᠮᠢᠳᠤᠷᠠᠯ ᠳᠤᠮᠳᠠ ᠤᠯᠠᠨ ᠢᠶᠠᠷ ᠢᠶᠠᠨ ᠪᠠᠶᠢᠭᠠᠯᠢ ᠶᠢᠨ ᠰᠢᠲᠠᠮᠠᠬᠠᠶ ᠬᠡᠢ ᠶᠢᠨ ᠵᠥᠭᠡᠯᠡᠨ ᠬᠤᠭᠤᠯᠠᠶ ᠶᠢ ᠬᠡᠷᠬᠢᠨ ᠰᠢᠯᠢᠵᠦ ᠬᠡᠷᠡᠭᠯᠡᠬᠦ ᠶᠢ ᠵᠢᠭᠠᠬᠤ ᠶᠢᠨ ᠬᠠᠮᠲᠤ ᠤᠯᠠᠨ ᠢᠶᠠᠷ ᠢᠶᠠᠨ ᠬᠡᠷ ᠡᠷᠦᠭᠡ ᠳᠤ ᠣᠷᠣᠵᠤ ᠪᠠᠶᠢᠴᠠᠭᠠᠯᠲᠠ ᠬᠢᠬᠦ ᠶᠠᠪᠤᠴᠠ ᠳᠤ ᠰᠠᠭᠤᠭᠠᠯᠢ ᠠᠷᠠᠳ ᠤᠨ ᠬᠡᠷᠡᠭᠯᠡᠬᠦ ᠬᠡᠶ  ᠵᠢᠨ‌ᠠᠮᠤᠷ ᠲᠦᠪᠰᠢᠨ ᠢ ᠬᠡᠷᠬᠢᠨ ᠪᠠᠶᠢᠴᠠᠭᠠᠬᠤ  ᠶᠢ ᠵᠢᠭᠠᠪᠠ᠃       ᠡᠨᠡ ᠤᠳᠠᠭᠠᠨ ᠤ ᠶᠡᠭᠡ ᠬᠤᠷᠠᠯ ᠳᠤ ᠰᠤᠷᠤᠯᠴᠠᠬᠤ ᠪᠠᠷ ᠲᠠᠮᠵᠢᠨ ᠣᠯᠠᠨ ᠳᠤ ᠠᠮᠤᠷ ᠲᠦᠪᠰᠢᠨ ᠬᠡᠢ ᠬᠡᠷᠡᠭᠯᠡᠬᠦ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠦᠬᠡᠢ᠂ ᠨᠡᠩ ᠢᠯᠡᠭᠦᠦ ᠪᠦᠬᠦ ᠠᠵᠢᠯᠲᠠᠳ ᠤᠨ ᠠᠮᠤᠷ ᠲᠦᠪᠰᠢᠨ ᠤ ᠤᠬᠠᠮᠰᠠᠷ  ᠢ ᠳᠡᠭᠡᠭᠰᠢᠯᠡᠭᠦᠯᠵᠦ᠂ ᠬᠠᠷᠢᠶ᠎ᠠ ᠭᠠᠵᠠᠷ ᠲᠤ ᠠᠮᠤᠷ ᠲᠦᠪᠰᠢᠨ ᠡᠶ᠎ᠡ ᠵᠣᠬᠢᠴᠠᠯ ᠲᠠᠢ ᠣᠷᠴᠢᠨ ᠨᠥᠬᠦᠴᠡᠯ ᠢ ᠪᠤᠢ  ᠪᠤᠯᠭᠠᠪᠠ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号