8 ᠰᠠᠷ᠎ᠠ ᠶᠢᠨ 15 ᠤ ᠦᠳᠡ ᠶᠢᠨ ᠡᠮᠦᠨ᠎ᠡ᠂ ᠪᠣᠳᠢ ᠰᠤᠪᠤᠷᠭ᠎ᠠ ᠶᠢᠨ ᠵᠡᠭᠦᠨ ᠨᠡᠶᠢᠭᠡᠮ ᠲᠣᠭᠤᠷᠢᠭ | ᠨᠢᠭᠡᠳᠦᠭᠡᠷ ᠳᠡᠭᠲᠡᠷ ᠤᠨ ᠠᠯᠪᠠᠨ ᠲᠠᠩᠬᠢᠮ ᠳᠤ ᠶᠡᠭᠡ ᠬᠤᠷᠠᠯ ᠬᠤᠷᠠᠯᠳᠤᠭᠤᠯᠵᠤ᠂ ᠰᠢᠨ᠎ᠡ ᠨᠢᠭᠡ ᠬᠤᠭᠤᠴᠠᠭᠠᠨ ᠤ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠰᠤᠩᠭᠤᠨ ᠭᠠᠷᠭᠠᠪᠠ᠃ | | | | | ᠦᠨᠳᠦᠰᠦᠨ ᠱᠠᠲᠤᠨ ᠤ ᠰᠣᠩᠭᠤᠭᠤᠯᠢ ᠬᠢᠵᠦ ᠬᠤᠭᠤᠴᠠᠭ᠎ᠠ ᠰᠣᠯᠢᠬᠤ ᠠᠵᠢᠯ ᠤᠨ ᠬᠤᠯᠪᠣᠭᠳᠠᠯ ᠪᠦᠭᠦᠢ | ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠤᠷᠠᠯ ᠠᠴᠠ ᠡᠩ ᠲᠡᠷᠢᠭᠦᠨ ᠳᠤ | ᠬᠤᠷᠠᠯ ᠳᠤ ᠤᠷᠤᠯᠴᠠᠬᠤ ᠬᠥᠮᠦᠨ ᠤ ᠲᠤᠭ᠎ᠠ ᠶᠢ ᠲᠤᠭᠲᠠᠭᠠᠵᠤ᠂ ᠪᠦᠬᠦᠳᠡᠭᠡᠷ ᠤᠯᠤᠰ ᠤᠨ ᠰᠦᠯᠳᠡ ᠳᠠᠭᠤᠤ ᠶᠢ | ᠳᠠᠭᠤᠯᠠᠪᠠ᠃ ᠳᠠᠷᠠᠭ᠎ᠠ ᠨᠢ᠂ ᠳᠡᠭᠡᠷ᠎ᠡ ᠬᠤᠭᠤᠴᠠᠭᠠᠨ ᠤ ᠨᠡᠶᠢᠭᠡᠮ ᠲᠣᠭᠤᠷᠢᠭ ᠤᠨ ᠡᠷᠬᠢᠯᠡᠭᠴᠢ ᠴᠧᠨ ᠫᠢᠩ | ᠤᠳᠤᠷᠢᠳᠬᠤ ᠪᠠᠭ ᠢᠶᠠᠨ ᠲᠥᠯᠥᠭᠡᠯᠡᠨ ᠠᠵᠢᠯ ᠤᠨ ᠢᠯᠡᠳᠬᠡᠯ ᠬᠢᠵᠦ᠂ ᠳᠠᠷᠠᠭ᠎ᠠ ᠨᠢ ᠨᠡᠶᠢᠭᠡᠮ ᠲᠣᠭᠤᠷᠢᠭ ᠤᠨ | ᠱᠦᠵᠢ ᠵᠣᠣ ᠵᠢᠶᠠᠨ ᠹᠠᠩ ᠰᠣᠩᠭᠤᠬᠤ ᠠᠷᠭ᠎ᠠ ᠶᠢ ᠤᠩᠰᠢᠬᠤ ᠵᠢᠴᠢ ᠰᠤᠩᠭᠤᠬᠤ ᠪᠠᠷ ᠵᠢᠱᠢᠭᠳᠡᠭᠰᠡᠳ ᠤᠨ ᠨᠡᠷᠡᠰ ᠢ | ᠳᠤᠷᠠᠳᠪᠠ᠃ ᠶᠡᠭᠡ ᠬᠤᠷᠠᠯ ᠳᠡᠭᠡᠷ᠎ᠡ ᠰᠣᠩᠭᠤᠭᠤᠯᠢ ᠶᠢᠨ ᠠᠷᠭ᠎ᠠ ᠶᠢ ᠦᠨᠳᠦᠰᠦᠯᠡᠵᠦ᠂ ︽ᠢᠯᠡ ᠪᠣᠯᠭᠠᠬᠤ᠂ ᠲᠥᠪ | ᠭᠤᠣᠯᠴᠢ︾ ᠵᠠᠷᠴᠢᠮ ᠢᠶᠠᠷ᠂ ᠪᠦᠬᠦ ᠰᠠᠭᠤᠭᠠᠯᠢ ᠠᠷᠠᠳ ᠤᠨ ᠲᠥᠯᠥᠭᠡᠯᠡᠭᠴᠢᠳ ᠨᠡᠷ᠎ᠡ ᠲᠡᠮᠳᠡᠭᠯᠡᠬᠦ ᠦᠭᠡᠢ ᠪᠢᠯᠧᠲ | ᠢᠶᠠᠷ ᠰᠢᠨ᠎ᠡ ᠨᠢᠭᠡ ᠬᠤᠭᠤᠴᠠᠭᠠᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠰᠣᠩᠭᠤᠵᠤ | ᠭᠠᠷᠭᠠᠪᠠ᠃ | | | | | ᠡᠨᠡ ᠤᠳᠠᠭᠠᠨ ᠤ ᠰᠣᠩᠭᠤᠭᠤᠯᠢ ᠳᠤ ᠨᠡᠶᠢᠭᠡᠮ ᠲᠣᠭᠤᠷᠢᠭ 29 ᠰᠤᠩᠭᠤᠭᠤᠯᠢ ᠶᠢᠨ ᠪᠢᠯᠧᠲ ᠲᠠᠷᠬᠠᠭᠠᠵᠤ᠂ | 29 ᠰᠤᠩᠭᠤᠭᠤᠯᠢ ᠶᠢᠨ ᠪᠢᠯᠧᠲ ᠬᠤᠷᠢᠶᠠᠵᠠᠢ᠃ ᠬᠠᠮᠤᠭ ᠤᠨ ᠡᠴᠦᠰ᠂ ᠴᠧᠨ ᠫᠢᠩ 26 ᠪᠢᠯᠧᠲ ᠢᠶᠠᠷ ᠰᠢᠨ᠎ᠡ | ᠨᠢᠭᠡ ᠬᠤᠭᠤᠴᠠᠭᠠᠨ ᠤ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠪᠠᠷ | ᠰᠤᠩᠭᠤᠭᠳᠠᠵᠤ᠂ ᠴᠧᠨ ᠰᠢᠶᠤᠤ ᠭᠠᠩ 27 ᠪᠢᠯᠧᠲ ᠢᠶᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠥᠪᠯᠡᠯ ᠤᠨ ᠳᠡᠳ᠋ ᠡᠷᠬᠢᠯᠡᠭᠴᠢ ᠪᠠᠷ ᠰᠤᠩᠭᠤᠭᠳᠠᠵᠤ᠂ ᠯᠢ ᠢᠦᠢ ᠱᠠ᠂ ᠱᠢ ᠵᠢᠶᠦ᠋ᠨ ᠯᠢᠩ ᠪᠠ ᠲᠢᠶᠠᠨ ᠱᠤ᠋ ᠹᠠᠩ | ᠲᠤᠰ ᠲᠤᠰ ᠰᠢᠨ᠎ᠡ ᠨᠢᠭᠡ ᠬᠤᠭᠤᠴᠠᠭᠠᠨ ᠤ ᠰᠠᠭᠤᠭᠠᠯᠢ ᠠᠷᠠᠳ ᠤᠨ ᠵᠥᠪᠯᠡᠯ ᠤᠨ ᠭᠡᠰᠢᠭᠦᠨ ᠢᠶᠠᠷ ᠰᠣᠩᠭᠤᠭᠳᠠᠵᠤ᠂ | ᠵᠠᠩ ᠷᠤ᠋ ᠶᠠᠨ᠂ ᠴᠢᠨ ᠵᠢᠶᠦ᠋ᠨ ᠶᠢᠩ ᠪᠠ ᠼᠦᠢ ᠶᠠᠨ ᠫᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠥᠪᠯᠡᠯ ᠤᠨ ᠬᠡᠷᠡᠭ ᠶᠠᠪᠤᠳᠠᠯ ᠢ ᠬᠢᠨᠠᠯᠲᠠ ᠲᠠᠯᠪᠢᠬᠤ ᠵᠦᠪᠯᠡᠯ ᠤᠨ ᠭᠡᠰᠢᠭᠦᠨ ᠢᠶᠠᠷ ᠰᠤᠩᠭᠤᠭᠳᠠᠪᠠ᠃ ᠰᠠᠭᠤᠭᠠᠯᠢ | ᠠᠷᠠᠳ ᠰᠢᠨ᠎ᠡ ᠪᠠᠷᠰᠣᠩᠭᠤᠭᠳᠠᠭᠰᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠪᠠᠭ ᠤᠨ | ᠭᠡᠰᠢᠭᠦᠳ ᠪᠦᠯᠬᠦᠮᠳᠡᠯ ᠨᠢᠭᠡᠲᠡᠶ ᠪᠠᠶᠢᠵᠤ᠂ ᠰᠠᠭᠤᠭᠠᠯᠢ ᠠᠷᠠᠳ ᠲᠤ ᠠᠰᠠᠭᠤᠳᠠᠯ ᠢ ᠰᠢᠢᠳᠪᠦᠷᠢᠯᠡᠨ ᠥᠭᠴᠦ᠂ | ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠬᠦ ᠶᠢ ᠬᠦᠰᠡᠨ᠎ᠡ᠃ | | | | | ᠲᠤᠰ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠶᠡᠷᠦᠨᠢ ᠡᠷᠬᠡ ᠲᠡᠭᠰᠢ ᠲᠥᠪ | ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ | ᠤᠯᠠᠨ ᠲᠦᠮᠡᠨ ᠤ ᠣᠷᠣᠯᠴᠠᠬᠤ ᠣᠷᠭᠢᠯᠤᠮ᠎ᠠ ᠰᠡᠳᠬᠢᠯ ᠢ ᠲᠦᠢᠯ ᠤᠨ ᠶᠡᠭᠡ ᠪᠠᠷ ᠬᠥᠭᠵᠢᠭᠡᠵᠦ᠂ ᠦᠨᠳᠦᠰᠦᠨ | ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠪᠠ᠃ ᠪᠣᠳᠢ ᠰᠤᠪᠤᠷᠭ᠎ᠠ ᠶᠢᠨ ᠵᠡᠭᠦᠨ | ᠨᠡᠶᠢᠭᠡᠮ ᠲᠣᠭᠤᠷᠢᠭ ᠤᠨ ᠰᠢᠨ᠎ᠡ ᠨᠢᠭᠡ ᠬᠤᠭᠤᠴᠠᠭᠠᠨ ᠤ ᠰᠠᠭᠤᠭᠠᠯᠢ ᠠᠷᠠᠳ ᠤᠨ ᠵᠥᠪᠯᠡᠯ ᠤᠨ ᠲᠤᠭᠤᠶᠢᠯᠠᠩ ᠵᠡᠭᠡᠯᠢ | ᠭᠤᠳᠤᠮᠵᠢ ᠶᠢᠨ ᠤᠳᠤᠷᠢᠳᠤᠯᠭ᠎ᠠ ᠳᠣᠣᠷ᠎ᠠ᠂ ᠰᠠᠭᠤᠭᠠᠯᠢ ᠠᠷᠠᠳᠲ᠋ᠣ ᠯᠠᠪᠲᠠᠢ ᠨᠡᠩ ᠰᠠᠶᠢᠨ ᠢᠶᠠᠷ ᠦᠢᠯᠡᠴᠢᠯᠡᠨ᠎ᠡ᠃ | |