ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠦᠷᠭᠡᠤᠨᠭᠡᠨ ᠪᠠᠶᠢᠭᠤᠯᠤᠬᠰᠡᠨ ᠠᠮᠤᠷ ᠲᠦᠪᠰᠢᠨ ᠤ ᠪᠠᠶᠢᠴᠠᠭᠠᠯᠳᠠ ᠶᠢᠨ ᠲᠤᠭᠤᠷᠢᠬ ᠠᠰᠢᠬᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2018-08-17
      ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ 4 ᠵᠤᠷᠪᠤᠰ ᠤᠯᠤᠰ ᠤᠨ ᠲᠤᠳᠤᠭᠠᠳᠤ ᠶᠢᠨ ᠠᠶᠠᠨᠴᠢᠳ ᠤᠨ ᠠᠮᠤᠷ ᠲᠦᠪᠰᠢᠨ ᠤ ᠪᠠᠶᠢᠴᠠᠭᠠᠯᠳᠠ ᠬᠢᠬᠦ ᠵᠠᠮ ᠱᠤᠭᠤᠮ ᠪᠠ 1 ᠵᠤᠷᠪᠤᠰ ᠳ᠋ᠠᠩ ᠴᠢᠭᠯᠡᠯ ᠢᠶᠠᠷ ᠲᠠᠷᠬᠠᠭᠠᠬᠤ ᠵᠠᠮ ᠢ ᠰᠢᠨ᠎ᠠ ᠪᠠᠷ ᠦᠷᠬᠡᠳᠬᠡᠨ ᠪᠠᠶᠢᠭᠤᠯᠬᠤ ᠢᠨᠵᠧᠨᠧᠷᠢᠩ ᠨᠢ 7 ᠰᠠᠷ᠎ᠠ ᠶᠢᠨ ᠲᠤᠮᠳᠠᠴᠢ ᠪᠠᠷ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨᠠᠨ ᠰᠢᠯᠭᠠᠯᠳᠠ ᠶᠢ ᠦᠩᠬᠡᠷᠡᠵᠦ᠂ ᠲᠦᠷᠦᠬᠦᠬᠡᠨ ᠵᠢᠩᠬᠢᠨᠢ ᠪᠠᠷ ᠠᠰᠢᠬᠯᠠᠯᠳᠠ ᠳᠤ ᠤᠷᠤᠬᠰᠠᠨ ᠪᠠᠶᠢᠨ᠎ᠠ᠃ ᠨᠢᠰᠬᠡᠯ ᠤᠨ ᠠᠶᠠᠨᠴᠢᠳ ᠤᠨ ᠵᠦᠬᠡᠬᠡᠪᠦᠷᠢ ᠶᠢᠨ ᠶᠠᠭᠠᠷᠠᠤ ᠬᠤᠭᠤᠴᠠᠭ᠎ᠠ ᠬᠦᠷᠴᠤ ᠢᠷᠡᠬᠦ ᠳᠤ ᠴᠢᠭᠯᠡᠬᠦᠯᠵᠦ᠂ ᠠᠶᠠᠨᠴᠢᠳ ᠤᠨ ᠠᠮᠤᠷ ᠲᠦᠪᠰᠢᠨ ᠤ ᠪᠠᠶᠢᠴᠠᠭᠠᠯᠳᠠ ᠬᠢᠬᠦ ᠴᠠᠬ ᠢ ᠴᠢᠳᠠᠬᠤ ᠶᠢᠨ ᠲᠤᠳᠤᠷ᠎ᠠ ᠪᠤᠭᠤᠨᠢᠰᠬᠠᠬᠤ ᠶᠢᠨ ᠲᠦᠯᠦᠬᠡ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠢ ᠠᠶᠠᠨᠴᠢᠳ ᠤᠨ ᠠᠮᠤᠷ ᠲᠦᠪᠰᠢᠨ ᠤ ᠪᠠᠶᠢᠴᠠᠭᠠᠯᠳᠠ ᠬᠢᠬᠦ ᠵᠠᠮ ᠱᠤᠭᠤᠮ ᠢ ᠦᠷᠬᠡᠳᠬᠡᠨ ᠪᠠᠶᠢᠭᠤᠯᠬᠤ ᠢᠨᠵᠧᠨᠧᠷᠢᠩ ᠢ ᠡᠨᠡ ᠵᠢᠯ ᠤᠨ 5 ᠰᠠᠷ᠎ᠠ ᠶᠢᠨ 21 ᠤ ᠡᠳᠦᠷ ᠠᠴᠠ ᠪᠠᠷᠢᠯᠭ᠎ᠠ ᠡᠬᠢᠯᠡᠬᠦᠯᠵᠦ᠂ ᠭᠤᠤᠯᠳᠠᠬᠤ ᠲᠤᠰ ᠨᠢᠰᠬᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠦᠷᠳᠡᠭᠡ ᠶᠢᠨ ᠠᠰᠠᠷ ᠤᠨ ᠬᠤᠶᠠᠳᠤᠭᠠᠷ ᠲᠠᠪᠬᠤᠷᠯᠢᠭ ᠤᠨ ᠤᠳᠤ ᠪᠠᠶᠢᠭ᠎ᠠ ᠠᠮᠤᠷ ᠲᠦᠪᠰᠢᠨ ᠤ ᠪᠠᠶᠢᠴᠠᠭᠠᠯᠳᠠ ᠬᠢᠬᠦ ᠵᠠᠮ ᠱᠤᠭᠤᠮ ᠤᠨ ᠵᠡᠬᠦᠨ ᠬᠡᠰᠡᠭ ᠲᠠᠬᠢ ᠠᠯᠪᠠᠯᠠᠬᠤ ᠪᠠ ᠬᠤᠳᠠᠯᠳᠤᠭᠠᠨ ᠤ ᠶᠠᠪᠤᠳᠠᠯ ᠤᠨ ᠬᠡᠰᠡᠭ ᠭᠠᠵᠠᠷ ᠢ ᠤᠯᠤᠰ ᠤᠨ ᠲᠤᠳᠤᠭᠠᠳᠤ ᠶᠢᠨ ᠠᠶᠠᠨᠴᠢᠳ ᠤᠨ ᠠᠮᠤᠷ ᠲᠦᠪᠰᠢᠨ ᠤ ᠪᠠᠶᠢᠴᠠᠭᠠᠯᠳᠠ ᠬᠢᠬᠦ ᠲᠤᠭᠤᠷᠢᠬ ᠪᠤᠯᠭᠠᠨ ᠦᠬᠡᠷᠡᠴᠢᠯᠡᠨ ᠪᠠᠶᠢᠭᠤᠯᠵᠦ᠂ ᠦᠬᠡᠷᠡᠴᠢᠯᠡᠨ ᠪᠠᠶᠢᠭᠤᠯᠤᠬᠰᠠᠨ ᠲᠠᠯᠠᠪᠠᠢ ᠨᠢ 425 ᠲᠡᠭᠰᠢ ᠲᠦᠷᠪᠡᠯᠵᠢᠨ ᠮᠧᠳ᠋ᠷ ᠲᠤ ᠬᠦᠷᠴᠤ᠂ ᠦᠬᠡᠷᠡᠴᠢᠯᠡᠨ ᠪᠠᠶᠢᠭᠤᠯᠤᠬᠰᠠᠨ ᠤ ᠲᠠᠷᠠᠭ᠎ᠠ 4 ᠵᠤᠷᠪᠤᠰ ᠠᠶᠠᠨᠴᠢᠳ ᠤᠨ ᠠᠮᠤᠷ ᠲᠦᠪᠰᠢᠨ ᠤ ᠪᠠᠶᠢᠴᠠᠭᠠᠯᠳᠠ ᠬᠢᠬᠦ ᠵᠠᠮ ᠱᠤᠭᠤᠮ ᠴᠤ 4 ᠢᠵᠢ ᠰᠢᠯᠭᠠᠨ ᠪᠠᠶᠢᠴᠠᠭᠠᠯᠳᠠ ᠬᠢᠬᠦ ᠠᠵᠢᠯᠯᠠᠬᠤ ᠦᠷᠳᠡᠭᠡ᠂ 4 ᠢᠵᠢ ᠠᠶᠤᠯᠬᠦᠢ ᠶᠢᠨ ᠡᠬᠦᠳᠡ ᠪᠠ 4 ᠬᠡᠮᠵᠢᠯᠳᠡ ᠶᠢᠨ ᠮᠠᠰᠢᠨ ᠵᠡᠷᠬᠡ ᠶᠢ ᠢᠵᠢ ᠪᠦᠷᠢᠳᠦᠬᠦᠯᠵᠦ᠂ ᠰᠢᠨ᠎ᠠ ᠪᠠᠷ ᠦᠬᠡᠷᠡᠴᠢᠯᠡᠨ ᠪᠠᠶᠢᠭᠤᠯᠤᠬᠰᠠᠨ 4 ᠵᠤᠷᠪᠤᠰ ᠠᠮᠤᠷ ᠲᠦᠪᠰᠢᠨ ᠤ ᠪᠠᠶᠢᠴᠠᠭᠠᠯᠳᠠ ᠬᠢᠬᠦ ᠵᠠᠮ ᠱᠤᠭᠤᠮ ᠨᠢ ︽ᠠᠷᠠᠳ ᠤᠨ ᠬᠡᠷᠡᠭᠯᠡᠬᠡᠨ ᠤ ᠵᠦᠬᠡᠬᠡᠪᠦᠷᠢ ᠶᠢᠨ ᠨᠢᠰᠬᠡᠯ ᠤᠨ ᠠᠮᠤᠷ ᠲᠦᠪᠰᠢᠨ ᠤ ᠠᠮᠤᠷ ᠢ ᠬᠠᠮᠠᠭᠠᠯᠠᠬᠤ ᠲᠦᠬᠦᠬᠡᠷᠦᠮᠵᠢ︾ ᠶᠢᠨ MH/T7003 — 2017 ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠪᠦᠷᠢᠮᠦᠰᠦᠨ ᠬᠠᠩᠭᠠᠬᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号