ᠪᠠᠷᠠᠭᠤᠨ ᠨᠣᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-08-02
     7 ᠳ᠋ᠤᠭᠠᠷ ᠰᠠᠷ᠎ᠠ ᠶᠢᠨ 26 ᠤ ᠦᠳᠡ ᠶᠢᠨ ᠡᠮᠦᠨ᠎ᠡ᠂ ᠪᠠᠷᠠᠭᠤᠨ ᠨᠣᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠠᠵᠢᠯ ᠢ ᠲᠣᠬᠢᠷᠠᠭᠤᠯᠬᠤ ᠬᠤᠷᠠᠯ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠤᠳᠤᠷᠢᠳᠬᠤ ᠪᠠᠭ᠂ ᠡᠯ᠎ᠡ ᠰᠠᠯᠠᠭ᠎ᠠ ᠮᠥᠴᠢᠷ ᠤᠨ ᠵᠠᠩᠭᠢᠯᠠᠭ᠎ᠠ ᠶᠢᠨ ᠺᠠᠳ᠋ᠷ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠱᠦᠵᠢ᠂ ᠡᠷᠬᠢᠯᠡᠭᠴᠢ᠂ ᠢᠳᠡᠭᠡᠨ ᠡᠮ ᠤᠨ ᠵᠦᠢᠯ᠂ ᠬᠤᠳᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠴᠡᠪᠡᠷᠯᠡᠭᠡ ᠶᠢᠨ ᠭᠠᠵᠠᠷ ᠤᠨ ᠨᠥᠬᠦᠳ ᠬᠤᠷᠠᠯ ᠳᠤ ᠤᠷᠤᠯᠴᠠᠪᠠ᠃      ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠾᠧ ᠫᠢᠩ ᠶᠠᠭᠤᠨ ᠤ ᠡᠮᠦᠨ᠎ᠡ ᠢᠦᠶ ᠴᠢᠤᠸᠠᠨ ᠲᠣᠭᠤᠷᠢᠭ ᠤᠨ ᠬᠤᠳᠠ ᠶᠢᠨ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠵᠢᠴᠢ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠶᠢ ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠢᠦᠶ ᠬᠠᠢ ᠵᠢᠶᠦ᠋ᠨ ᠵᠡᠭᠡᠯᠢ ᠭᠤᠳᠤᠮᠵᠢ ᠶᠢᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠤᠬᠠᠶ ᠪᠠᠢᠷᠢᠯᠠᠭᠤᠯᠤᠯᠲᠠ ᠬᠢᠵᠦ᠂ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠠᠵᠢᠯ ᠢ ᠬᠢᠨᠠᠮᠠᠭᠠᠶ ᠰᠠᠶᠢᠲᠤᠷ ᠠᠳᠬᠤᠬᠤ ᠶᠢ ᠴᠢᠬᠤᠯᠠᠴᠢᠯᠠᠵᠤ᠂ ᠬᠤᠳᠠ ᠳᠡᠬᠦᠷᠬᠡ ᠶᠢᠨ ᠠᠭᠤᠯᠵᠠᠷ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠰᠠᠶᠢᠲᠤᠷ ᠬᠢᠵᠦ᠂ ︽ᠴᠡᠴᠡᠷᠯᠢᠭᠲᠦ ᠬᠤᠲᠠ᠂ ᠠᠷᠢᠭᠤᠨ ᠴᠡᠪᠡᠷ ᠬᠤᠲᠠ᠂ ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠲᠠ ᠶᠢ ᠬᠠᠮᠲᠤ ᠳᠤᠨᠢ ᠪᠠᠶᠢᠭᠤᠯᠬᠤ︾ ᠡᠯ᠎ᠡ ᠵᠦᠢᠯ ᠤᠨ ᠠᠵᠢᠯ ᠤᠨ ᠡᠭᠦᠷᠭᠡ ᠶᠢ ᠪᠤᠲᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠣᠯᠠᠬᠤ ᠬᠡᠷᠡᠭᠲᠡᠢ ᠭᠡᠪᠡ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号