ᠮᠠᠨ ᠤ ᠲᠤᠭᠤᠷᠢᠭ ᠤᠨ ᠲᠠᠯᠠᠪᠠᠢ ᠶᠢᠨ ᠰᠤᠷᠪᠤᠯᠵᠢ ᠶᠢᠨ ᠪᠤᠬᠢᠷᠲᠤᠯ ᠢ ᠤᠯᠠᠮ ᠨᠢᠭᠡ ᠠᠯᠬᠤᠮ ᠬᠢᠵᠠᠭᠠᠷᠯᠠᠨ᠂ | ᠡᠪᠦᠯ ᠤᠨ ᠤᠯᠠᠷᠢᠯ ᠤᠨᠲ᠋ᠤᠯᠠᠭᠠᠯᠠᠬᠤ ᠬᠤᠭᠤᠴᠠᠭ᠎ᠠ ᠶᠢᠨ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠮᠠᠨ ᠤ | ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ | ᠡᠭᠦᠨ ᠤ ᠬᠠᠮᠲᠤ ᠡᠨᠡ ᠡᠪᠦᠯ ᠤᠨ ᠳᠤᠯᠠᠭᠠᠯᠠᠬᠤ ᠤᠯᠠᠷᠢᠯ ᠤᠨ ᠳᠤᠯᠠᠭᠠᠨ ᠤ ᠬᠠᠩᠭᠠᠯᠭ᠎ᠠ ᠶᠢᠨ ᠠᠵᠢᠯ ᠤᠨ | ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃ 2018 ᠣᠨ ᠤ 8 ᠰᠠᠷ᠎ᠠ ᠶᠢᠨ16 ᠤ ᠦᠳᠡ ᠶᠢᠨ ᠡᠮᠦᠨ᠎ᠡ᠂ | ᠲᠣᠭᠤᠷᠢᠭ ᠤᠨ ᠣᠷᠴᠢᠨ ᠠᠬᠤᠢ ᠶᠢ ᠬᠠᠮᠠᠭᠠᠯᠠᠬᠤ ᠲᠤᠪᠴᠢᠶ᠎ᠠ ᠬᠠᠷᠢᠶ᠎ᠠ ᠭᠠᠵᠠᠷ ᠤᠨ11ᠳᠤᠯᠠᠭᠠᠯᠠᠭ᠎ᠠ ᠬᠠᠩᠭᠠᠬᠤ | ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠴᠤᠭᠯᠠᠭᠤᠯᠤᠨ ᠡᠨᠡ ᠡᠪᠦᠯ ᠤᠨ ᠳᠤᠯᠠᠭᠠᠯᠠᠯᠭ᠎ᠠ ᠶᠢᠨ ᠬᠤᠭᠤᠴᠠᠭ᠎ᠠ ᠶᠢᠨ | ᠳᠤᠯᠠᠭᠠᠨ ᠤ ᠬᠠᠩᠭᠠᠯᠭ᠎ᠠ ᠶᠢᠨ ᠶᠠᠪᠤᠳᠠᠯ ᠤᠨ ᠲᠤᠬᠠᠢ ᠳᠠᠶᠢᠴᠢᠯᠠᠯᠲᠠ ᠶᠢᠨ ᠬᠤᠷᠠᠯ ᠢ ᠡᠷᠲᠡᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠲᠣᠭᠤᠷᠢᠭ ᠤᠨ ᠣᠷᠴᠢᠨ ᠠᠬᠤᠢ ᠶᠢ ᠬᠠᠮᠠᠭᠠᠯᠠᠬᠤ ᠲᠤᠪᠴᠢᠶ᠎ᠠ ᠡᠨᠡ ᠡᠪᠦᠯ ᠤᠨ | ᠳᠤᠯᠠᠭᠠᠯᠠᠯᠭ᠎ᠠ ᠶᠢᠨ ᠬᠤᠭᠤᠴᠠᠭᠠᠨ ᠤ ᠨᠡᠭᠦᠷᠡᠰᠦ ᠲᠦᠯᠡᠵᠦ ᠢᠯᠴᠢ ᠬᠠᠩᠭᠠᠬᠤ ᠵᠤᠤᠬ᠎ᠠ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠪᠣᠯᠤᠨ ᠲᠤᠬᠢᠷᠠᠭᠤᠯᠤᠯᠳᠠ ᠬᠢᠵᠦ᠂ ᠠᠵᠤ | ᠠᠬᠤᠶᠢᠯᠠᠯ ᠤᠨ ᠢᠯᠴᠢ ᠬᠠᠩᠭᠠᠬᠤ ᠲᠥᠬᠦᠭᠡᠷᠦᠮᠵᠢ ᠪᠠ ᠬᠠᠮᠢᠶᠠᠷᠤᠯᠲᠠ ᠶᠢᠨ ᠠᠵᠢᠯ ᠢ ᠲᠡᠭᠦᠯᠳᠡᠷᠵᠢᠭᠦᠯᠬᠦ ᠶᠢ | ᠱᠠᠭᠠᠷᠳᠠᠵᠤ᠂ ᠢᠯᠴᠢ ᠬᠠᠩᠭᠠᠬᠤ ᠵᠤᠤᠬ᠎ᠠ ᠶᠢᠨ ᠬᠦᠬᠦᠷ ᠥᠬᠡᠶᠢᠳᠡᠭᠦᠯᠦᠨ ᠲᠣᠭᠤᠰᠣ ᠠᠷᠢᠯᠭᠠᠬᠤ ᠲᠥᠬᠦᠭᠡᠷᠦᠮᠵᠢ ᠶᠢ | ᠬᠠᠮᠠᠭᠠᠯᠠᠬᠤ ᠶᠢ ᠰᠠᠶᠢᠳᠤᠷ ᠬᠢᠵᠦ᠂ ᠡᠭᠦᠨ ᠤ ᠬᠠᠮᠲᠤ ᠲᠥᠬᠦᠭᠡᠷᠦᠮᠵᠢ ᠬᠡᠪ ᠤᠨ ᠶᠣᠰᠣᠭᠠᠷ ᠠᠵᠢᠯᠯᠠᠬᠤ ᠶᠢ | ᠰᠦᠯᠵᠢᠶᠡᠨ ᠳᠡᠭᠡᠷ᠎ᠡ ᠡᠵᠡᠮᠳᠡᠨ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠪᠠᠲᠤᠯᠠᠨ᠎ᠠ᠃ ᠬᠢᠨᠠᠨ ᠪᠠᠶᠢᠴᠠᠭᠠᠬᠤ | ᠶᠡᠭᠡ ᠠᠩᠬᠢ ᠶᠢᠨ ᠡᠯ᠎ᠡ ᠳᠤᠮᠳᠠ ᠠᠩᠭᠢ ᠬᠠᠷᠢᠶ᠎ᠠ ᠭᠠᠵᠠᠷ ᠤᠨ ᠢᠯᠴᠢ ᠬᠠᠩᠭᠠᠬᠤ ᠠᠵᠤ ᠠᠬᠤᠶᠢᠯᠠᠯ ᠤᠨ ᠬᠢᠨᠠᠨ | ᠬᠠᠮᠢᠶᠠᠷᠬᠤ ᠡᠷᠴᠢᠮ ᠢ ᠴᠢᠩᠭᠠᠳᠬᠠᠵᠤ᠂ ᠢᠯᠴᠢ ᠬᠠᠩᠭᠠᠬᠤ ᠵᠤᠤᠬ᠎ᠠ ᠶᠢᠨ ᠪᠠᠷᠢᠮᠵᠢᠶ᠎ᠠ ᠳᠤ ᠬᠦᠷᠴᠦ | ᠭᠠᠳᠠᠭᠰᠢᠯᠠᠭᠤᠯᠬᠤ ᠶᠢ ᠦᠨᠡᠨ ᠬᠦ ᠪᠠᠲᠤᠯᠠᠨ᠎ᠠ᠃ | | | | | | | | | | |